ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ 2023 ᠣᠨ ᠤ  ᠳᠣᠯᠣᠳᠤᠭᠠᠷ  ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/23
      8 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠦᠨ ᡁᠢ ᠭᠠᠩ 2023 ᠣᠨ ᠤ  ᠳᠣᠯᠣᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠴᠧᠨ ᠺᠠᠶ ᠯᠢᠶᠠᠩ᠂ ᠲᠤᠤ ᠹᠧᠨ ᠱᠠᠨ᠂ ᠴᠢᠶᠣᠤ ᠯᠢᠩ ᠵᠢᠶᠦ᠋ᠨ᠂ ᠼᠦᠢ ᠵᠢᠩ᠂ ᠭᠦᠸᠧ ᠶᠦᠩ ᠯᠢ᠂ ᠯᠢ ᠯᠦᠩ ᠨᠠᠷ ᠬᠤᠷᠠᠯ ᠳᠤ ᠣᠷᠣᠯᠴᠠᠵᠤ᠂ ᠸᠠᠩ ᠺᠠᠶ ᠵᠢᠶᠦ᠋ᠨ᠂ ᠪᠠᠭᠠᠲᠤᠷ᠂ ᠯᠢ ᠮᠢᠩ ᠲᠢᠶᠠᠨ ᠤᠷᠢᠯᠭ᠎ᠠ ᠪᠠᠷ ᠬᠤᠷᠠᠯ ᠳᠤ ᠣᠷᠣᠯᠴᠠᠵᠠᠶ᠃       ᠬᠤᠷᠠᠯ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨᠳᠦᠰᠦᠨ ᠱᠠᠲᠤᠨ ᠤ ᠭᠠᠵᠠᠷ ︵ᠵᠦᠩᠱᠠᠨ ᠭᠠᠵᠠᠷ︶ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠪᠠ︔ ᠯᠠᠵᠤᠤ ᠶᠢᠨ ᠠᠵᠤ ᠦᠢᠯᠡᠰ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠪᠠ᠃ ᠰᠦᠨ ᡁᠢ ᠭᠠᠩ ᠵᠢᠭᠠᠵᠤ ᠭᠠᠷᠭᠠᠭᠰᠠᠨ ᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠣᠯᠠᠨ ᠲᠦᠮᠡᠨ ᠤ ᠬᠠᠷᠢᠯᠴᠠᠵᠤ ᠪᠠᠶᠢᠭ᠎ᠠ ᠨᠢᠭᠡᠳᠦᠭᠡᠷ ᠹᠷᠣᠨᠲ ᠤᠨ ︽ᠴᠣᠩᠬᠤᠪᠴᠢ︾ ᠮᠥᠨ᠂ ᠪᠣᠳᠠᠲᠠᠶ ᠠᠴᠠ ᠡᠭᠦᠰᠴᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠦᠨᠳᠦᠰᠦᠨ ᠱᠠᠲᠤᠨ ᠤ ᠭᠠᠵᠠᠷ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠤᠷᠠᠳᠴᠤ᠂ ᠨᠡᠭᠡᠭᠡᠯᠲᠡ ᠬᠢᠬᠦ ᠰᠡᠳᠬᠢᠬᠦᠶ ᠶᠢ ᠪᠣᠶ ᠪᠣᠯᠭᠠᠵᠤ᠂ ᠬᠠᠷᠠᠯᠲᠠ ᠪᠠᠨ ᠲᠣᠳᠣᠷᠬᠠᠶᠢᠯᠠᠨ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠯᠠᠪᠳᠠᠭᠤᠨ ᠢᠶᠠᠷ ᠠᠬᠢᠭᠤᠯᠵᠤ᠂ ᠣᠲᠣ ᠶᠢᠨ ᠪᠠᠶᠢᠭ᠎ᠠ ᠬᠦᠴᠦᠨ ᠢᠶᠠᠨ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃       ᠰᠦᠨ ᡁᠢ ᠭᠠᠩ ᠴᠢᠬᠤᠯᠠᠴᠢᠯᠠᠭᠰᠠᠨ ᠨᠢ᠂ ᠬᠠᠩᠭᠢᠨ ᠬᠤᠶᠢᠲᠤ ᠬᠤᠰᠢᠭᠤᠨ ᠤ ᠯᠠᠵᠤᠤ ᠳᠠᠷᠢᠬᠤ ᠤᠷᠢᠲᠠᠯ ᠨᠥᠬᠦᠴᠡᠯ ᠲᠠᠢ ᠶᠤᠮ᠂ ᠯᠠᠵᠤᠤ ᠶᠢᠨ ᠠᠵᠤ ᠦᠢᠯᠡᠰ ᠤᠨ ᠳᠠᠪᠠᠭᠤᠯᠢᠭ᠂ ᠮᠡᠷᠭᠡᠵᠢᠯ ᠤᠨ ᠳᠠᠪᠠᠭᠤᠯᠢᠭ ᠪᠠ ᠵᠠᠬ᠎ᠠ ᠳᠡᠯᠭᠡᠭᠦᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢ ᠬᠥᠭᠵᠢᠭᠡᠬᠦ ᠬᠡᠷᠡᠭᠲᠡᠶ᠃ ᠬᠠᠮᠢᠶᠠᠷᠤᠯᠲᠠ ᠪᠠᠨ ᠵᠢᠷᠤᠮᠵᠢᠭᠤᠯᠵᠤ᠂ ᠯᠠᠵᠤᠤ ᠶᠢᠨ ᠠᠵᠤ ᠦᠢᠯᠡᠰ ᠤᠨ ᠲᠡᠰ ᠳᠡᠪᠰᠢᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠯᠠᠵᠤᠤ ᠶᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠪᠠᠶᠢᠭᠤᠯᠤᠯ ᠢ ᠲᠦᠷᠭᠡᠬᠡᠨ ᠲᠡᠭᠦᠯᠳᠡᠷᠵᠢᠭᠦᠯᠵᠦ᠂ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠠᠷᠠᠭᠤᠨ ᠣᠷᠣᠨ ᠤ ᠯᠠᠵᠤᠤ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠥᠲᠥᠭᠡᠨ ᠪᠠᠶᠢᠭᠤᠯᠵᠤ᠂ ᠠᠵᠤ ᠦᠢᠯᠡᠰ ᠤᠨ ᠬᠤᠷᠰᠢᠶ᠎ᠠ᠂ ᠬᠤᠯᠪᠣᠭᠠᠲᠤ ᠬᠤᠷᠰᠢᠶ᠎ᠠ ᠪᠠ ᠠᠵᠤ ᠦᠢᠯᠡᠰ ᠤᠨ ᠨᠡᠶᠢᠭᠡᠮᠯᠢᠭ ᠵᠡᠷᠭᠡ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠯᠠᠵᠤᠤ ᠶᠢᠨ ᠠᠵᠤ ᠦᠢᠯᠡᠰ ᠤᠨ ᠬᠥᠭᠵᠢᠯᠲᠡ ᠳᠤ ᠲᠠᠪᠴᠠᠩ ᠪᠠᠶᠢᠭᠤᠯᠬᠤ ᠬᠡᠷᠡᠭᠲᠡᠶ᠃ ᠯᠠᠵᠤᠤ ᠶᠢᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠥᠬᠦ ᠬᠤᠰᠢᠭᠤᠨ ᠤ ᠯᠠᠵᠤᠤ ᠶᠢᠨ ᠠᠵᠤ ᠦᠢᠯᠡᠰ ᠤᠨ ᠳᠠᠷᠢᠬᠤ᠂ ᠡᠳ᠋ᠰᠢᠭᠦᠯᠬᠦ᠂ ᠪᠣᠷᠣᠯᠠᠭᠤᠯᠬᠤ᠂  ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠬᠤᠰᠢᠭᠤᠨ ᠤ ᠯᠠᠵᠤᠤ ᠶᠢᠨ ᠠᠵᠤ ᠦᠢᠯᠡᠰ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠥᠨᠳᠥᠷ ᠪᠠᠷᠢᠮᠵᠢᠶ᠎ᠠ᠂ ᠥᠨᠳᠥᠷ ᠲᠦᠪᠰᠢᠨ ᠢᠶᠠᠷ ᠲᠥᠯᠥᠪᠵᠢᠭᠦᠯᠬᠦ ᠶᠢ ᠪᠠᠷᠢᠮᠲᠠᠯᠠᠵᠤ᠂ ᠡᠯ᠎ᠡ ᠵᠦᠢᠯ ᠤᠨ ᠳᠡᠮᠵᠢᠯᠭᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠪᠣᠯᠤᠨ ᠲᠦᠷᠦᠯ ᠲᠡᠮᠳᠡᠭᠲᠦ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡ᠂ ᠬᠦᠢᠳᠡᠨ ᠬᠡᠯᠬᠢᠶ᠎ᠡ᠂ ᠬᠠᠳᠠᠭᠠᠬᠤ᠂ ᠡᠳ᠋ᠰᠢᠭᠦᠯᠬᠦ ᠵᠡᠷᠭᠡ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠠᠬᠢᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠬᠦ ᠬᠥᠭᠵᠢᠯᠲᠡ ᠶᠢᠨ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠯᠠᠵᠤᠤ ᠶᠢᠨ ᠠᠵᠤ ᠦᠢᠯᠡᠰ ᠤᠨ ᠠᠩᠬ᠎ᠠ ᠡᠳ᠋ᠰᠢᠭᠦᠯᠦᠯᠲᠡ᠂ ᠭᠦᠨᠵᠡᠭᠡᠢ ᠡᠳ᠋ᠰᠢᠭᠦᠯᠬᠦ ᠵᠡᠷᠭᠡ ᠡᠯ᠎ᠡ ᠵᠦᠢᠯ ᠤᠨ ᠪᠠᠲᠤᠯᠠᠪᠤᠷᠢ ᠶᠢᠨ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠵᠦ᠂ ᠲᠠᠷᠢᠶᠠᠴᠢᠳ ᠤᠨ ᠲᠠᠷᠢᠮᠠᠯ ᠤᠨ ᠢᠳᠡᠪᠬᠢᠵᠢᠯ ᠢ ᠳᠡᠭᠡᠭᠰᠢᠯᠡᠭᠦᠯᠵᠦ᠂ ᠯᠠᠵᠤᠤ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃       ᠬᠤᠷᠠᠯ ᠠᠴᠠ ᠪᠠᠰᠠ ᠡᠯ ᠳ᠋ᠤᠤ ᠴᠢᠶᠣᠤ ᠪᠠᠯᠭᠠᠰᠤᠨ ᠤ ᠳ᠋ᠦᠩ ᠹᠠᠩ ᠬᠤᠩ ᠨᠡᠶᠢᠭᠡᠮ ᠲᠣᠭᠤᠷᠢᠭ᠂ ᠱᠤᠸᠠᠩ ᠮᠢᠶᠣᠣ ᠪᠠᠯᠭᠠᠰᠤ ᠲᠠᠢ ᠶᠠᠩ ᠮᠢᠶᠣᠣ ᠨᠡᠶᠢᠭᠡᠮ ᠲᠣᠭᠤᠷᠢᠭ᠂ ᠵᠤᠤ ᠮᠢᠶᠣᠣ ᠨᠡᠶᠢᠭᠡᠮ ᠲᠣᠭᠤᠷᠢᠭ᠂ ᠪᠦᠯᠬᠦᠮᠳᠡᠯ ᠪᠠᠯᠭᠠᠰᠤ ᠬᠠᠮᠲᠤᠷᠠᠭᠰᠠᠨ ᠨᠡᠶᠢᠭᠡᠮ ᠲᠣᠭᠤᠷᠢᠭ᠂ ᠪᠦᠯᠬᠦᠮᠳᠡᠯ ᠪᠠᠯᠭᠠᠰᠤ ᠨᠡᠶᠢᠭᠡᠮ ᠲᠣᠭᠤᠷᠢᠭ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠶᠠᠷᠢᠯᠴᠠᠪᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ