ᠬᠠᠩᠭᠢᠨ ᠬᠤᠶᠢᠲᠤ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ᠲᠥᠪᠡᠳ ᠬᠠᠰᠢ ᠶᠢᠨ ᠤᠰᠤ ᠦᠭᠡᠶᠢᠳᠡᠭᠦᠯᠦᠭᠰᠡᠨ ᠨᠣᠭᠤᠭ᠎ᠠ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ
ᠨᠡᠶᠢᠲᠡᠯᠡᠭᠰᠡᠨ ᠴᠠᠭ᠄
2023/8/23
      ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠤᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠲᠥᠪᠡᠳ ᠬᠠᠰᠢ ᠶᠢᠨ ᠤᠰᠤ ᠦᠭᠡᠶᠢᠳᠡᠭᠦᠯᠦᠭᠰᠡᠨ ᠨᠣᠭᠤᠭ᠎ᠠ ᠶᠢᠨ ᠤᠯᠠᠷᠢᠯ ᠤᠨ ᠴᠢᠨᠠᠷᠲᠠᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃       ᠨᠢᠭᠡ ᠳᠤ᠂ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠪᠠᠶᠠᠨᠨᠠᠭᠤᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠠᠩᠭᠢᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠢᠳᠡᠪᠬᠢᠲᠡᠶ ᠪᠠᠷ ᠨᠡᠪᠲᠡᠷᠡᠯᠴᠡᠵᠦ᠂ ᠵᠣᠬᠢᠴᠠᠭᠤᠯᠭ᠎ᠠ ᠪᠠᠨ ᠴᠢᠩᠭᠠᠳᠬᠠᠨ᠂ ᠬᠠᠮᠲᠤᠷᠠᠨ ᠬᠠᠤᠯᠢ ᠬᠡᠷᠡᠭᠵᠢᠭᠦᠯᠵᠦ᠂ ᠬᠠᠮᠲᠤ ᠪᠠᠷ ᠴᠢᠷᠮᠠᠶᠢᠵᠤ᠂ ᠲᠥᠪᠡᠳ ᠬᠠᠰᠢ ᠶᠢᠨ ᠤᠰᠤ ᠥᠬᠡᠶᠢᠳᠡᠭᠦᠯᠦᠭᠰᠡᠨ ᠨᠣᠭᠤᠭ᠎ᠠ ᠶᠢᠨ ᠠᠵᠢᠯ ᠲᠥᠷᠥᠯ ᠳᠤ ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠪᠣᠬᠢᠷᠲᠤᠯ᠂ ᠦᠢᠯᠡᠳᠬᠦᠨ ᠤ ᠶᠠᠰᠤ ᠴᠢᠨᠠᠷ ᠪᠠ ᠢᠳᠡᠭᠡᠨ ᠤ ᠠᠮᠤᠷ ᠲᠦᠪᠰᠢᠨ᠂ ᠠᠶᠤᠯ ᠥᠬᠡᠶ ᠦᠢᠯᠡᠳᠪᠦᠷᠢᠯᠡᠯ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠨ᠎ᠠ᠃       ᠬᠤᠶᠠᠷ ᠲᠤ᠂ ᠦᠵᠡᠯᠲᠡ ᠪᠠᠨ ᠬᠤᠪᠢᠷᠠᠭᠤᠯᠵᠤ᠂ ᠵᠠᠶᠢᠯᠠᠰᠢ ᠦᠭᠡᠢ ᠬᠠᠮᠢᠶᠠᠷᠤᠯᠲᠠ ᠶᠢ ᠢᠳᠡᠪᠬᠢᠲᠡᠢ ᠦᠢᠯᠡᠴᠢᠯᠡᠬᠦ ᠪᠣᠯᠭᠠᠨ ᠬᠤᠪᠢᠷᠠᠭᠤᠯᠪᠠ᠃ ᠪᠠᠶᠠᠨᠨᠠᠭᠤᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠠᠩᠭᠢᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ ᠨᠢ ᠲᠥᠪᠡᠳ ᠬᠠᠰᠢ ᠶᠢᠨ ᠤᠰᠤ ᠥᠬᠡᠶᠢᠳᠡᠭᠦᠯᠬᠦ ᠢᠳᠡᠰᠢᠨ ᠨᠣᠭᠤᠭ᠎ᠠ ᠶᠢᠨ ᠤᠯᠠᠷᠢᠯ ᠤᠨ ᠴᠢᠨᠠᠷᠲᠠᠶ ᠦᠢᠯᠡᠳᠪᠦᠷᠢᠯᠡᠯ ᠤᠨ ᠠᠵᠤ ᠠᠬᠤᠶᠢᠯᠠᠯ ᠤᠨ ᠮᠠᠰᠢᠨ ᠨᠡᠭᠡᠭᠡᠨ ᠦᠢᠯᠡᠳᠪᠦᠷᠢᠯᠡᠬᠦ ᠠᠴᠠ ᠡᠮᠦᠨ᠎ᠡ ᠠᠵᠤ ᠠᠬᠤᠶᠢᠯᠠᠯ ᠳᠤ ᠭᠦᠨᠵᠡᠭᠡᠶᠢᠷᠡᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ᠂ ᠦᠢᠯᠡᠳᠪᠦᠷᠢᠯᠡᠯ ᠤᠨ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠪᠠᠺᠲ᠋ᠧᠷᠢ ᠪᠤᠶᠢᠵᠢᠭᠤᠯᠬᠤ ᠵᠡᠷᠭᠡ ᠪᠠᠶᠢᠳᠠᠯ ᠢ ᠤᠷᠢᠳᠴᠢᠯᠠᠨ ᠪᠠᠶᠢᠴᠠᠭᠠᠵᠤ᠂ ᠠᠰᠠᠭᠤᠳᠠᠯ ᠢ ᠡᠷᠲᠡᠬᠡᠨ ᠢᠯᠡᠷᠡᠭᠦᠯᠵᠦ᠂ ᠠᠯᠳᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠪᠡ᠃ ᠦᠢᠯᠡᠳᠪᠦᠷᠢᠯᠡᠯ ᠤᠨ ᠬᠤᠭᠤᠴᠠᠭᠠᠨ ᠳᠤ ᠤᠷᠤᠭᠰᠠᠨ ᠤ ᠳᠠᠷᠠᠭ᠎ᠠ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠵᠤ᠂ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠡᠶᠡᠯᠡᠭᠦᠯᠦᠨ᠎ᠡ᠃       ᠭᠤᠷᠪᠠ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢ ᠪᠠᠭᠠᠰᠬᠠᠨ᠎ᠠ᠃ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾᠂ ︽ᠳᠥᠷᠪᠡᠨ ᠥᠬᠡᠶ ᠬᠤᠶᠠᠷ ᠰᠢᠭᠤᠳ︾᠂ ︽ᠳᠠᠯᠳᠠᠭᠤᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ︾᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢᠨ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠳᠤ ᠦᠵᠡᠭᠦᠯᠬᠦ ᠬᠠᠷᠰᠢᠯᠠᠯ ᠢ ᠠᠯᠢ ᠴᠢᠳᠠᠬᠤ ᠪᠠᠷ ᠪᠠᠭᠠᠰᠬᠠᠪᠠ᠃       ᠡᠭᠦᠨ ᠤ ᠬᠠᠮᠲᠤ ᠡᠯ᠎ᠡ ᠠᠵᠤ ᠠᠬᠤᠶᠢᠯᠠᠯ᠂ ᠠᠷᠠᠳ ᠣᠯᠠᠨ ᠤ ᠲᠥᠪᠡᠳ ᠬᠠᠰᠢ᠂ ᠤᠰᠤ ᠦᠭᠡᠶᠢᠳᠡᠭᠦᠯᠦᠭᠰᠡᠨ ᠨᠣᠭᠤᠭ᠎ᠠ ᠶᠢᠨ ᠠᠵᠤ ᠠᠬᠤᠶᠢᠯᠠᠯ ᠤᠨ ᠬᠠᠤᠯᠢ ᠶᠢ ᠵᠥᠷᠢᠴᠡᠨ ᠪᠣᠬᠢᠷᠲᠤᠯ ᠭᠠᠳᠠᠭᠰᠢᠯᠠᠭᠤᠯᠤᠭᠰᠠᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠥᠯᠥᠭᠡ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠵᠤ᠂ ᠪᠠᠶᠠᠨᠨᠠᠭᠤᠷ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠠᠩᠭᠢᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠲᠥᠪᠡᠳ ᠬᠠᠰᠢ᠂ ᠤᠰᠤ ᠦᠭᠡᠶᠢᠳᠡᠭᠦᠯᠦᠭᠰᠡᠨ ᠨᠣᠭᠤᠭ᠎ᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠯᠠᠷᠢᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠦᠷᠢᠮ ᠢ ᠨᠡᠶᠢᠲᠡᠯᠡᠭᠰᠡᠨ ᠪᠥᠭᠡᠳ ᠮᠡᠳᠡᠭᠳᠡᠯ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠢ ᠬᠤᠯᠠᠭᠠᠶᠢᠯᠠᠨ ᠵᠢᠭᠰᠠᠭᠠᠬᠤ᠂ ᠳᠠᠯᠳᠠᠭᠤᠷ ᠵᠢᠭᠰᠠᠭᠠᠬᠤ ᠵᠡᠷᠭᠡ ᠬᠠᠤᠯᠢ ᠠᠴᠠ ᠵᠥᠷᠢᠴᠡᠨ ᠪᠣᠬᠢᠷᠲᠤᠯ ᠭᠠᠷᠭᠠᠭᠰᠠᠨ ᠦᠢᠯᠡ ᠠᠵᠢᠯᠯᠠᠭ᠎ᠠ ᠶᠢ ᠪᠦᠬᠦ ᠨᠡᠶᠢᠭᠡᠮ ᠤᠨ ᠥᠷᠭᠡᠨ ᠳᠡᠯᠭᠡᠷ ᠬᠢᠨᠠᠯᠲᠠ ᠶᠢᠨ ᠳᠣᠣᠷ᠎ᠠ ᠬᠢᠪᠡ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ