8 ᠰᠠᠷ᠎ᠠ ᠶᠢᠨ 4 ᠤ ᠡᠳᠦᠷ᠂ ᠬᠠᠩᠭᠢᠨ ᠬᠤᠶᠢᠲᠤ ᠬᠤᠰᠢᠭᠤ ᠳᠡᠭᠡᠷ᠎ᠡ ᠬᠠᠭᠠᠰ ᠵᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ | ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠳᠡᠭᠡᠷ᠎ᠡ ᠬᠠᠭᠠᠰ ᠵᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠪᠠᠶᠢᠳᠠᠯ ᠢ ᠪᠥᠬᠦ | ᠲᠠᠯ᠎ᠠ ᠪᠠᠷ ᠰᠤᠳᠤᠯᠤᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠠᠵᠢᠯ ᠤᠨ ᠤᠯᠠᠮ ᠨᠢᠭᠡ ᠠᠯᠬᠤᠮ ᠲᠠᠰ ᠳᠡᠪᠰᠢᠬᠦ ᠶᠢ ᠠᠬᠢᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠰᠦᠨ ᡁᠢ ᠭᠠᠩ ᠬᠤᠷᠠᠯ ᠢ ᠡᠷᠭᠢᠯᠡᠵᠦ᠂ ᠬᠤᠰᠢᠭᠤᠨ ᠤ ᠤᠳᠤᠷᠢᠳᠤᠯᠭ᠎ᠠ ᠸᠠᠩ ᠺᠠᠶ ᠵᠢᠶᠦ᠋ᠨ᠂ ᠲᠤᠤ | ᠹᠧᠨ ᠱᠠᠨ᠂ ᠵᠣᠣ ᠷᠧᠨ ᠰᠢᠨ᠂ ᠴᠢᠶᠣᠤ ᠯᠢᠩ ᠵᠢᠶᠦ᠋ᠨ᠂ ᠼᠦᠢ ᠵᠢᠩ᠂ ᠭᠦᠸᠧ ᠶᠦᠩ ᠯᠢ ᠵᠢᠴᠢ ᠡᠯ᠎ᠡ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠪᠠ ᠬᠤᠶᠠᠳᠤᠭᠠᠷ ᠳᠡᠰ ᠤᠨ ᠨᠢᠭᠡᠴᠡ᠂ ᠤᠯᠤᠰ ᠤᠨ | ᠥᠮᠴᠢᠯᠡᠯ ᠤᠨ ᠺᠣᠮᠫᠠᠨᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ ᠠᠴᠠ ᠪᠥᠬᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠤᠨ ᠪᠠᠶᠢᠳᠠᠯ ᠢ ᠮᠡᠳᠡᠭᠳᠡᠵᠦ᠂ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠪᠠ | ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠦᠩ ᠯᠢ ᠳᠣᠤᠷ᠎ᠠ ᠬᠠᠭᠠᠰ ᠵᠢᠯ ᠤᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠠᠨ ᡁᠢ ᠶᠧ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠦᠵᠡᠯ ᠰᠠᠨᠠᠭᠠᠨ ᠤ ᠭᠦᠨ ᠠᠴᠠ ᠬᠤᠪᠢᠷᠠᠯᠲᠠ | ᠭᠠᠷᠴᠤ᠂ ᠪᠣᠳᠠᠲᠠᠶ ᠠᠵᠢᠯᠯᠠᠭᠰᠠᠳ ᠪᠣᠯᠵᠤ᠂ ᠬᠠᠵᠠᠭᠤ ᠠᠴᠠ ᠬᠠᠷᠠᠭᠴᠢ ᠪᠣᠯᠬᠤ ᠦᠭᠡᠢ ᠪᠣᠯᠬᠤᠷ ᠬᠥᠮᠦᠨ ᠪᠦᠬᠦᠨ ᠴᠥᠮ ᠬᠤᠳᠠᠯᠳᠤᠭᠠᠴᠢᠨ ᠤᠷᠢᠬᠤ | ᠦᠢᠯᠡᠴᠢᠯᠡᠭᠡᠨ ᠤ ᠤᠬᠠᠮᠰᠠᠷ ᠢ ᠪᠣᠶ ᠪᠣᠯᠭᠠᠵᠤ᠂ ᠬᠠᠩᠭᠢᠨ ᠬᠤᠶᠢᠲᠤ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠬᠦᠴᠦ ᠨᠡᠮᠡᠷᠢᠯᠡᠵᠦ᠂ ᠨᠠᠩ | ᠣᠯᠠᠨ ᠲᠥᠷᠥᠯ ᠵᠦᠢᠯ ᠢ ᠠᠵᠤ ᠦᠢᠯᠡᠰ ᠪᠣᠯᠭᠠᠵᠤ᠂ ᠠᠵᠤ ᠦᠢᠯᠡᠰ ᠢ ᠭᠠᠶᠢᠯᠢ ᠲᠠᠲᠠᠪᠤᠷᠢ ᠪᠣᠯᠭᠠᠵᠤ᠂ ᠭᠠᠶᠢᠯᠢ ᠲᠠᠲᠠᠪᠤᠷᠢ ᠶᠢ ᠪᠥᠬᠦ ᠬᠤᠰᠢᠭᠤᠨ ᠤ ᠠᠷᠠᠳ | ᠲᠦᠮᠡᠨ ᠤ ᠪᠡᠶ᠎ᠡ ᠪᠠᠷ ᠢᠶᠠᠨ ᠡᠳ᠋ᠯᠡᠬᠦ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠶ᠃ | ᠬᠠᠨ ᡁᠢ ᠶᠧ ᠴᠢᠬᠤᠯᠠᠴᠢᠯᠠᠭᠰᠠᠨ ᠨᠢ᠂ ᠪᠥᠬᠦ ᠠᠵᠢᠯᠲᠠᠳ ᠭᠠᠷ ᠬᠥᠳᠡᠯᠵᠦ᠂ ᠬᠤᠰᠢᠭᠤᠨ ᠤ ︽ᠳᠥᠷᠪᠡᠨ ᠶᠡᠭᠡ ᠤᠳᠤᠷᠢᠳᠬᠤ ᠪᠠᠭ︾ ᠤᠨ ᠪᠦᠷᠢᠯᠳᠦᠬᠦᠨ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠪᠠᠨ ᠲᠠᠨᠢᠵᠤ ᠠᠪᠬᠤ ᠬᠡᠷᠡᠭᠲᠡᠶ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠡᠯᠬᠢᠶ᠎ᠡ ᠪᠠᠨ ᠤᠷᠲᠤᠳᠬᠠᠨ | ᠬᠡᠯᠬᠢᠶ᠎ᠡ ᠪᠠᠨ ᠨᠥᠬᠦᠪᠥᠷᠢᠯᠡᠬᠦ ᠶᠢᠨ ᠲᠣᠭᠤᠷᠢᠨ ᠳᠤ ᠬᠡᠯᠬᠢᠶ᠎ᠡ ᠪᠠᠨ ᠴᠢᠩᠭᠠᠳᠬᠠᠵᠤ᠂ ᠬᠠᠷᠠᠯᠲᠠ ᠠᠵᠤ ᠠᠬᠤᠶᠢᠯᠠᠯ ᠢ ᠨᠠᠷᠢᠯᠢᠭ ᠣᠨᠣᠴᠠᠲᠠᠶ ᠪᠠᠷ ᠡᠮᠬᠢᠯᠡᠨ ᠭᠠᠷᠭᠠᠵᠤ᠂ | ᠲᠥᠷᠥᠯ ᠵᠦᠢᠯ ᠢᠶᠠᠨ ᠰᠠᠶᠢᠲᠤᠷ ᠨᠥᠭᠡᠴᠡᠯᠡᠵᠦ ᠨᠤᠲᠠᠯᠠᠬᠤ ᠬᠡᠷᠡᠭᠲᠡᠶ᠃ ᠬᠥᠮᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠬᠡᠪ | ᠪᠣᠯᠪᠠᠰᠤᠷᠠᠯ ᠢᠶᠠᠷ ᠰᠢᠯᠢᠳᠡᠭ᠂ ᠠᠵᠤ ᠠᠬᠤᠶ ᠶᠢ ᠮᠡᠳᠡᠳᠡᠭ᠂ ᠢᠲᠡᠭᠡᠮᠵᠢ ᠶᠢ ᠰᠠᠬᠢᠭᠰᠠᠨ᠂ ᠬᠤᠰᠢᠭᠤᠨ ᠤ ᠪᠠᠶᠢᠳᠠᠯ ᠢ ᠪᠣᠯᠪᠠᠰᠤᠷᠠᠩᠭᠤᠶ᠂ ᠵᠥᠪᠳᠡᠯᠴᠡᠵᠦ | ᠮᠠᠭᠠᠳᠯᠠᠭᠰᠠᠨ ᠬᠤᠳᠠᠯᠳᠤᠭᠠᠴᠢᠨ ᠤᠷᠢᠬᠤ ᠴᠢᠳᠠᠪᠤᠷᠢᠲᠠᠨ ᠢ ᠪᠣᠶ ᠪᠣᠯᠭᠠᠵᠤ᠂ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠶ ᠪᠠᠷ | ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠳᠣᠪᠤᠶᠢᠯᠭᠠᠨ᠂ ᠠᠵᠤ ᠠᠬᠤᠶᠢᠯᠠᠯ ᠤᠨ ᠪᠤᠴᠠᠵᠤ ᠢᠷᠡᠬᠦ᠂ | ᠬᠥᠷᠥᠩᠭᠡ ᠶᠢᠨ ᠪᠤᠴᠠᠵᠤ ᠢᠷᠡᠬᠦ᠂ ᠴᠢᠳᠠᠪᠤᠷᠢᠲᠠᠨ ᠤ ᠮᠡᠷᠭᠡᠵᠢᠯ ᠤᠨ ᠪᠤᠴᠠᠵᠤ ᠢᠷᠡᠬᠦ ᠶᠢ ᠠᠬᠢᠭᠤᠯᠬᠤ ᠬᠡᠷᠡᠭᠲᠡᠶ᠃ ᠬᠠᠮᠲᠤᠷᠠᠯ ᠬᠦᠴᠦᠨ ᠢ | ᠪᠦᠷᠢᠯᠳᠦᠭᠦᠯᠵᠦ ᠂ ︽ ᠲᠦᠷᠦᠯ ᠵᠦᠢᠯ ᠳᠤ ᠱᠦᠭᠯᠦ ᠦᠯᠢᠶᠡᠵᠦ᠂ ᠰᠠᠯᠠᠭ᠎ᠠ ᠮᠥᠴᠢᠷ ᠤᠨ ᠬᠢᠨ ᠨᠡᠷ᠎ᠡ ᠮᠡᠳᠡᠭᠦᠯᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ | ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠰᠢᠨ᠎ᠡ ᠪᠠᠷ ᠣᠷᠣᠭᠤᠯᠤᠨ ᠠᠪᠴᠢᠷᠠᠭᠰᠠᠨ ᠲᠦᠷᠦᠯ ᠵᠦᠢᠯ ᠢ ᠦᠯᠡᠳᠡᠭᠡᠵᠦ ᠳᠡᠶᠢᠯᠬᠦ᠂ ᠲᠦᠷᠭᠡᠨ ᠨᠠᠶᠢᠳᠠᠪᠤᠷᠢᠵᠢᠭᠤᠯᠬᠤ᠂ | ᠲᠦᠷᠭᠡᠨ ᠪᠦᠳᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ᠃ ᠲᠦᠷᠢᠮ ᠲᠣᠭᠲᠠᠴᠠ ᠶᠢ ᠪᠦᠷᠢᠨᠰᠢᠬᠦᠯᠵᠦ᠂ ᠳᠣᠭᠢᠷᠠᠭᠤᠯᠤᠨ ᠮᠡᠳᠡᠭᠡᠯᠡᠬᠦ ᠶᠢ ᠴᠢᠩᠭᠠᠳᠬᠠᠨ᠂ | ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠳᠠᠯᠠᠵᠤ᠂ ᠪᠠᠴᠢᠮ ᠶᠠᠭᠠᠷᠠᠯᠲᠠᠶ ᠠᠵᠢᠯ ᠤᠨ ᠪᠠᠶᠢᠳᠠᠯ ᠳᠤ ᠲᠦᠷᠭᠡᠨ ᠣᠷᠣᠵᠤ᠂ ᠠᠵᠠ ᠲᠣᠬᠢᠶᠠᠯ ᠢ ᠠᠮᠵᠢᠨ᠂ | ᠬᠥᠭᠡᠭᠡᠵᠦ ᠭᠦᠢᠴᠡᠬᠦ ᠪᠠᠷ ᠴᠢᠷᠮᠠᠶᠢᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠰᠢᠨ᠎ᠡ ᠪᠠᠶᠢᠳᠠᠯ ᠢ ᠡᠭᠦᠳᠴᠦ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ | ᠰᠦᠨ ᡁᠢ ᠭᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠬᠤᠷᠠᠯ ᠤᠨ ᠵᠣᠷᠢᠭ | ᠰᠠᠨᠠᠭ᠎ᠠ ᠲᠠᠢ ᠨᠢᠭᠡᠳᠬᠡᠵᠦ᠂ ᠪᠥᠬᠦ ᠬᠤᠰᠢᠭᠤᠨ ᠤ ᠠᠵᠤ ᠦᠢᠯᠡᠰ ᠤᠨ ᠪᠠᠶᠢᠷᠢᠰᠢᠭᠤᠯᠤᠯᠲᠠ ᠪᠠ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠠᠵᠤ | ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ᠂ ᠳᠡᠭᠡᠳᠦ ᠳᠣᠤᠷᠠᠳᠤ ᠤᠷᠤᠰᠬᠠᠯ ᠤᠨ ᠢᠵᠢ ᠪᠥᠷᠢᠳᠦᠭᠦᠯᠬᠦ ᠠᠵᠤ ᠠᠬᠤᠶᠢᠯᠠᠯ ᠢ ᠪᠣᠳᠣᠯᠬᠢᠯᠠᠨ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠭᠦᠢᠴᠡᠳ ᠬᠡᠷᠡᠭᠯᠡᠵᠦ᠂ ᠬᠥᠲᠥᠴᠢ ᠠᠵᠤ ᠠᠬᠤᠶᠢᠯᠠᠯ᠂ | ᠠᠵᠤ ᠠᠬᠤᠶᠢᠯᠠᠯ ᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠬᠡᠷᠡᠭᠲᠡᠶ᠃ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠳᠣᠪᠤᠶᠢᠯᠭᠠᠵᠤ᠂ ᠮᠠᠨ ᠤ | ᠬᠤᠰᠢᠭᠤᠨ ᠤ ᠣᠲᠣ ᠶᠢᠨ ᠪᠠᠶᠢᠭ᠎ᠠ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢᠨ ᠠᠷᠭ᠎ᠠ ᠵᠠᠮ᠂ | ᠬᠤᠳᠠᠯᠳᠤᠭᠠᠨ ᠤ ᠶᠠᠪᠤᠳᠠᠯ ᠤᠨ ᠠᠷᠭ᠎ᠠ ᠵᠠᠮ᠂ ᠬᠥᠮᠦᠨ ᠤ ᠬᠦᠴᠦᠨ ᠤ ᠡᠬᠢ ᠪᠠᠶᠠᠯᠢᠭ ᠢ ᠠᠰᠢᠭᠯᠠᠨ ᠨᠠᠩ ᠣᠯᠠᠨ ᠠᠵᠤ ᠠᠬᠤᠶᠢᠯᠠᠯ ᠢ ᠲᠡᠳᠡᠨ ᠣᠷᠣᠭᠤᠯᠬᠤ | ᠬᠡᠷᠡᠭᠲᠡᠶ︔ ᠲᠥᠷᠥᠯ ᠵᠦᠢᠯ ᠢ ᠠᠬᠢᠭᠤᠯᠬᠤ ᠲᠥᠯᠥᠪᠯᠡᠭᠡ ᠶᠢ ᠨᠢᠭᠡ ᠨᠢᠭᠡ ᠪᠠᠷ ᠲᠣᠭᠲᠠᠭᠠᠵᠤ᠂ ︽ᠠᠵᠤ ᠠᠬᠤᠶᠢᠯᠠᠯ ᠢ ᠰᠤᠷᠪᠤᠯᠵᠢᠯᠠᠨ ᠬᠡᠷᠡᠭᠴᠡᠭᠡ ᠶᠢ ᠠᠰᠠᠭᠤᠵᠤ᠂ | ᠠᠵᠤ ᠠᠬᠤᠶᠢᠯᠠᠯ ᠢ ᠳᠤᠯᠠᠭᠠᠯᠠᠨ ᠠᠶᠠᠯᠠᠯ ᠢ ᠬᠠᠮᠠᠭᠠᠯᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ | ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠃ | | | | |