ᠬᠠᠩᠭᠢᠨ ᠬᠤᠶᠢᠲᠤ ᠬᠤᠰᠢᠭᠤ ᠪᠥᠬᠦ ᠬᠤᠰᠢᠭᠤᠨ ᠤ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/23
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠰᠤᠷᠲᠠᠯ ᠴᠢᠬᠡᠴᠢ ᠣᠪᠣᠷ ᠲᠥᠪ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 8 ᠰᠠᠷ᠎ᠠ ᠶᠢᠨ 3 ᠤ ᠡᠳᠦᠷ᠂ ᠬᠠᠩᠭᠢᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠯᠢᠦ ᠨᠢᠩ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠠᠷᠤᠭ᠎ᠠ ᠵᠣᠣ ᠳ᠋ᠢᠶᠠᠨ ᠹᠧᠩ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠭᠤᠤ ᠶᠦᠩ ᠴᠢᠶᠠᠩ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠳᠡᠳ᠋ ᠳᠠᠷᠤᠭ᠎ᠠ ᠯᠢᠦ ᠴᠦᠨ ᠮᠢᠩ᠂ ᠬᠤᠰᠢᠭᠤᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠸᠧᠨ ᠵᠢᠶᠦ᠋ᠨ ᠵᠢᠴᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠤᠨ ᠪᠥᠬᠦ ᠪᠦᠷᠢᠯᠳᠦᠬᠦᠨ᠂ ᠡᠯ᠎ᠡ ᠲᠠᠰᠤᠭ ᠤᠨ ᠬᠠᠷᠢᠭᠤᠴᠠᠯᠭᠠᠲᠠᠨ᠂ ᠡᠯ᠎ᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠭᠧᠩ ᠬᠤᠸᠠᠢ ᠶᠤᠸᠠᠨ ᠡᠷᠭᠢᠯᠡᠪᠡ᠃       ᠬᠤᠷᠠᠯ ᠳᠡᠭᠡᠷ᠎ᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠭᠤᠤ ᠶᠦᠩ ᠴᠢᠶᠠᠩ ᠪᠣᠯᠤᠨ ᠬᠤᠰᠢᠭᠤᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠸᠧᠨ ᠵᠢᠶᠦ᠋ᠨ ᠲᠣᠰ ᠲᠣᠰ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠠᠶ ᠶᠠᠷᠢᠶ᠎ᠠ ᠲᠠᠯᠪᠢᠭᠰᠠᠨ ᠪᠥᠭᠡᠳ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠡᠭᠦᠳᠡᠨ ᠠᠴᠠ ᠬᠠᠮᠢᠶ᠎ᠠ ᠪᠥᠬᠦᠶ ᠠᠵᠢᠯ ᠢ ᠴᠢᠬᠤᠯᠠᠴᠢᠯᠠᠪᠠ᠃       ᠬᠤᠷᠠᠯ ᠳᠡᠭᠡᠷ᠎ᠡ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠯᠢᠦ ᠨᠢᠩ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠨᠢ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠰᠢᠭᠤᠳ ᠬᠥᠨᠥᠭᠡᠵᠦ ᠪᠠᠶᠢᠨ᠎ᠠ᠃ ᠲᠣᠰ ᠤᠳᠠᠭ᠎ᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠵᠤ᠂ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠪᠣᠯᠤᠨ᠎ᠠ᠃ ᠯᠢᠦ ᠨᠢᠩ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠢᠬᠦ ᠨᠢᠭᠡᠴᠡ ᠶᠢᠨ  ᠦᠢᠯᠡᠳᠦᠯ ᠢᠶᠠᠨ ᠪᠠᠳᠠᠷᠠᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭ᠎ᠠ ᠥᠷᠨᠢᠭᠦᠯᠬᠦ ᠬᠡᠷᠡᠭᠲᠡᠶ︔ ᠡᠯ᠎ᠡ ᠪᠦᠷᠢᠯᠳᠦᠬᠦᠨ ᠨᠢᠭᠡᠴᠡ ᠪᠣᠯᠤᠨ ᠬᠠᠷᠢᠭᠤᠴᠠᠯᠭᠠᠲᠤ ᠰᠠᠯᠠᠭ᠎ᠠ ᠮᠥᠴᠢᠷ ᠤᠳ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠵᠤ᠂ ᠠᠰᠠᠭᠤᠳᠠᠯ ᠤᠨ ᠰᠦᠪᠡᠭᠴᠢ ᠶᠢ ᠦᠨᠳᠦᠰᠦᠨ ᠠᠴᠠ ᠨᠢ ᠰᠢᠢᠳᠪᠦᠷᠢᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠵᠡᠷᠭᠡ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠥᠷᠨᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃       ᠬᠤᠷᠠᠯ ᠳᠡᠭᠡᠷ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠠᠨ ᠰᠢᠤ ᠯᠢ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠡᠷᠡᠭᠦᠯ ᠮᠡᠨᠳᠦ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ᠂ ᠡᠮ ᠡᠮᠨᠡᠯᠭᠡ ᠶᠢᠨ ᠠᠵᠢᠯ ᠲᠥᠷᠥᠯ ᠤᠨ ᠠᠮᠢ ᠠᠬᠤᠶ ᠶᠢ ᠴᠡᠪᠡᠷᠰᠢᠭᠦᠯᠬᠦ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠨᠠᠩ ᠴᠤ ᠲᠥᠪ ᠴᠢᠩᠭ᠎ᠠ ᠤᠯᠤᠰ ᠲᠥᠷᠥ ᠶᠢᠨ ᠡᠭᠦᠷᠭᠡ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠡᠷᠡᠰ ᠨᠢᠭᠡᠳᠬᠡᠵᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠥᠷᠨᠢᠭᠦᠯᠵᠦ᠂ ᠲᠤᠰᠬᠠᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ