ᠬᠠᠩᠭᠢᠨ ᠬᠤᠶᠢᠲᠤ ᠬᠤᠰᠢᠭᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/23
      8 ᠰᠠᠷ᠎ᠠ ᠶᠢᠨ 1 ᠤ ᠡᠳᠦᠷ᠂ ᠬᠠᠩᠭᠢᠨ ᠬᠤᠶᠢᠲᠤ ᠬᠤᠰᠢᠭᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠦᠨᠡᠯᠡᠨ ᠵᠢᠱᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠼᠦᠢ ᠵᠢᠩ ᠬᠤᠷᠠᠯ ᠡᠷᠭᠢᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠺᠠᠶ ᠵᠢᠶᠦ᠋ᠨ ᠶᠠᠷᠢᠶ᠎ᠠ ᠲᠠᠯᠪᠢᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ ᠬᠡᠷ ᠤᠨ ᠳᠡᠳ᠋ ᠡᠷᠬᠢᠯᠡᠭᠴᠢ᠂ ᠬᠠᠤᠯᠢ ᠴᠠᠭᠠᠵᠠ ᠶᠢᠨ ᠲᠣᠪᠴᠢᠶᠠᠨ ᠳᠠᠷᠤᠭ᠎ᠠ ᠸᠠᠩ ᡁᠢ ᠺᠤᠸᠠᠨ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠱᠠᠲᠤᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ ᠡᠭᠦᠳᠦᠨ ᠪᠠᠶᠢᠭᠤᠯᠬᠤ ᠬᠠᠷᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠬᠦᠢᠴᠡᠳᠭᠡᠯ ᠲᠤᠭ᠎ᠠ ᠶᠢᠨ ᠡᠭᠦᠷᠭᠡ ᠶᠢ ᠨᠠᠷᠢᠯᠢᠬᠵᠢᠭᠤᠯᠵᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠠᠵᠢᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠲᠣᠭᠲᠠᠬᠤ ᠨᠢ ᠠᠯᠤᠰ ᠬᠡᠲᠦ ᠶᠢ ᠪᠣᠳᠣᠯᠬᠢᠯᠠᠨ᠂ ᠢᠷᠡᠭᠡᠳᠦᠶ ᠶᠢ ᠰᠦᠪᠡᠭᠴᠢᠯᠡᠬᠦ ᠴᠢᠬᠤᠯᠠ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠬᠥᠪᠴᠢ ᠪᠠᠨ ᠴᠢᠩᠭᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ᠂ ᠴᠠᠭ ᠪᠢᠳᠡᠨ ᠢ ᠬᠦᠯᠢᠶᠡᠬᠦ ᠥᠬᠡᠶ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠭᠦᠳᠦᠨ ᠪᠠᠶᠢᠭᠤᠯᠬᠤ ᠪᠠᠷ ᠮᠠᠨ ᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠵᠥᠭᠡᠯᠡᠨ ᠪᠣᠳᠠᠲᠤ ᠬᠦᠴᠦᠨ ᠢ ᠳᠠᠶᠢᠴᠢᠯᠠᠨ ᠳᠡᠭᠡᠭᠰᠢᠯᠡᠭᠦᠯᠬᠦ ᠬᠡᠷᠡᠭᠲᠡᠶ᠃       ᠬᠤᠷᠠᠯ ᠠᠴᠠ ᠱᠠᠭᠠᠷᠳᠠᠭᠰᠠᠨ ᠨᠢ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠱᠠᠭᠠᠷᠳᠠᠯᠭ᠎ᠠ ᠪᠠᠷ ᠥᠨᠳᠥᠷ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠠᠵᠢᠯ ᠤᠨ ᠬᠡᠮᠵᠢᠶ᠎ᠡ ᠶᠡᠭᠡ ᠪᠠᠶᠢᠳᠠᠭ ᠃ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ︽ᠵᠣᠷᠢᠭᠰᠠᠨ ᠠᠴᠠ ᠪᠠᠨ ᠠᠮᠵᠢᠯᠲᠠ ᠣᠯᠬᠤ︾ ᠲᠡᠷᠢᠭᠦᠨ ᠳᠤ ᠣᠷᠣᠬᠤ ᠤᠬᠠᠮᠰᠠᠷ ᠲᠠᠢ ᠪᠠᠶᠢᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠵᠠᠪᠠᠯ ᠤᠯᠬᠤ ᠢᠲᠡᠭᠡᠯ ᠵᠣᠷᠢᠭ᠂ ᠡᠭᠦᠳᠦᠨ ᠪᠦᠲᠦᠭᠡᠪᠡᠰᠦ ᠵᠠᠪᠠᠯ ᠢᠯᠠᠬᠤ ᠡᠷᠡᠰ ᠵᠣᠷᠢᠭ ᠢᠶᠠᠷ ᠡᠭᠦᠳᠦᠨ ᠪᠠᠶᠢᠭᠤᠯᠬᠤ ᠬᠠᠷᠠᠯᠲᠠ ᠪᠠᠨ ᠲᠣᠭᠲᠠᠭᠠᠵᠤ᠂ ᠨᠢᠭᠡ ᠯᠡ ᠠᠮᠢᠰᠬᠤᠭ᠎ᠠ ᠪᠠᠷ ᠬᠦᠴᠦᠯᠡᠨ ᠴᠢᠷᠮᠠᠶᠢᠵᠤ᠂ ᠨᠢᠭᠡ ᠯᠡ ᠡᠭᠦᠳᠦᠨ ᠪᠦᠲᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃  ᠬᠤᠶᠠᠷ  ᠲᠤ  ᠂  ᠬᠠᠷᠢᠭᠤᠴᠠᠯᠭ᠎ᠠ  ᠶᠢ  ᠪᠣᠳᠠᠲᠠᠢ  ᠳᠤ  ᠨᠠᠶᠢᠳᠠᠪᠤᠷᠢᠵᠢᠭᠤᠯᠵᠤ ᠂  ︽ᠤᠯᠠᠨ  ᠢᠶᠠᠷ  ᠢᠶᠠᠨ  ᠲᠦᠯᠡᠭᠡ  ᠲᠡᠭᠦᠬᠦ︾ ᠭᠠᠯ ᠬᠠᠯᠠᠭᠤᠨ ᠡᠷᠴᠢ ᠵᠣᠷᠢᠭ ᠲᠠᠢ ᠪᠠᠶᠢᠬᠤ ᠬᠡᠷᠡᠭᠲᠡᠢ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠬᠦᠢᠴᠡᠳᠭᠡᠯ ᠲᠤᠭ᠎ᠠ ᠶᠢᠨ ᠰᠢᠰᠲ᠋ᠧᠮ ᠢ ᠣᠨᠣᠪᠴᠢᠲᠠᠶ ᠡᠵᠡᠮᠳᠡᠵᠦ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠰᠢᠭᠤᠳ ᠠᠳᠬᠤᠵᠤ᠂ ᠠᠵᠢᠯᠲᠠᠨ ᠪᠣᠳᠠᠲᠠᠶ ᠠᠳᠬᠤᠬᠤ ᠠᠵᠢᠯ ᠤᠨ ᠪᠠᠶᠢᠷᠢᠰᠢᠯ ᠢ ᠴᠢᠩᠭ᠎ᠠ ᠠᠩᠬᠠᠷᠴᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠵᠡᠷᠭᠡ ᠭᠤᠭᠴᠤᠭ᠎ᠠ ᠶᠢ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠬᠠᠷᠠᠯᠲᠠ ᠪᠠᠨ ᠲᠣᠭᠲᠠᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠠᠭ ᠢ  ᠲᠣᠩᠭᠤᠷᠠᠭᠤᠯᠤᠨ ᠵᠢᠭᠰᠠᠭᠠᠵᠤ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠬᠦᠢᠴᠡᠳᠭᠡᠯ ᠲᠤᠭ᠎ᠠ ᠶᠢᠨ ︽ᠬᠤᠪᠢ ᠠᠯᠳᠠᠬᠤ ᠥᠬᠡᠶ︾᠂ ᠦᠨᠡᠯᠡᠨ ᠵᠢᠱᠢᠬᠦ ᠶᠠᠪᠤᠴᠠ ᠳᠤ ᠠᠯᠳᠠᠭ᠎ᠠ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠪᠣᠳᠠᠲᠠᠶᠢᠵᠢᠭᠤᠯᠵᠤ ᠂ ︽ᠬᠥᠮᠦᠰ ᠤᠨ ᠰᠡᠳᠬᠢᠯ ᠨᠢᠭᠡᠲᠡᠶ ᠠᠭᠤᠯᠠ ᠶᠢ ᠨᠡᠭᠦᠯᠭᠡᠬᠦ︾ ᠵᠠᠪᠠᠯ ᠢᠯᠠᠬᠤ ᠵᠣᠷᠢᠭ ᠲᠠᠢ ᠪᠠᠶᠢᠬᠤ ᠬᠡᠷᠡᠭᠲᠡᠶ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠤᠮᠳᠠᠬᠢ ᠢᠯᠭᠠᠨ ᠲᠠᠨᠢᠬᠤ ᠬᠡᠮᠵᠢᠶ᠎ᠡ᠂ ᠪᠡᠯᠭᠡ ᠲᠡᠮᠳᠡᠭ ᠤᠨ ᠴᠢᠨᠠᠷᠲᠠᠶ ᠲᠤᠷᠰᠢᠯᠭ᠎ᠠ ᠠᠷᠭ᠎ᠠ ᠬᠢᠳᠡᠯ ᠢ ᠭᠦᠨᠵᠡᠭᠡᠶ ᠠᠭᠤᠳᠠᠯᠤᠨ ᠳ᠋ᠦᠩᠨᠡᠨ ᠪᠣᠯᠪᠠᠰᠤᠷᠠᠭᠤᠯᠵᠤ᠂ ᠬᠠᠮ ᠵᠠᠭᠤᠴᠢᠯᠠᠭᠤᠷ ᠤᠨ ᠤᠬᠠᠭᠤᠯᠭ᠎ᠠ ᠮᠡᠳᠡᠭᠡᠯᠡᠯ ᠢ ᠥᠷᠨᠢᠭᠦᠯᠦᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠣᠶᠢᠯᠠᠭᠠᠵᠤ ᠬᠠᠮᠵᠢᠯᠴᠠᠭᠤᠯᠬᠤ ᠠᠴᠠ ᠰᠠᠨᠠᠭᠠᠴᠢᠯᠠᠭ᠎ᠠ ᠠᠴᠠ ᠪᠠᠨ ᠣᠷᠣᠯᠴᠠᠬᠤ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠶ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ