ᠬᠠᠩᠭᠢᠨ ᠬᠤᠶᠢᠲᠤ ᠬᠤᠰᠢᠭᠤ᠄ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ ᠲᠠᠷᠢᠶᠠᠯᠠᠩ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2023/8/23
      7 ᠰᠠᠷ᠎ᠠ ᠶᠢᠨ 28 ᠤ ᠡᠳᠦᠷ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠮᠤᠩ ᠬᠠᠶ ᠪᠠᠯᠭᠠᠰᠤᠨ ᠳᠤ ᠶᠠᠪᠤᠭᠳᠠᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠯᠦᠩ ᠣᠷᠣᠯᠴᠠᠵᠠᠶ᠃ ᠦᠵᠡᠭᠦᠯᠦᠯᠭᠡ ᠶᠢᠨ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠠᠴᠠ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢᠨ ᠠᠯᠤᠰ ᠢᠷᠡᠭᠡᠳᠦᠶ᠂ ᠦᠢᠯᠡᠴᠢᠯᠡᠭᠡᠨ ᠤ ᠠᠵᠢᠯ ᠢ ᠥᠷᠨᠢᠭᠦᠯᠬᠦ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠵᠢᠴᠢ ᠮᠠᠨ ᠤ ᠬᠤᠰᠢᠭᠤᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠣᠳᠣᠬᠢ ᠪᠠᠶᠢᠳᠠᠯ ᠵᠡᠷᠭᠡ ᠲᠠᠯ᠎ᠠ ᠪᠠᠷ ᠨᠠᠷᠢᠨ ᠲᠠᠨᠢᠯᠴᠠᠭᠤᠯᠪᠠ᠃       ᠯᠢ ᠯᠦᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠦᠵᠡᠭᠦᠯᠦᠯᠭᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠭᠤᠷᠪᠠᠨ ᠰᠢᠨ᠎ᠡ ᠨᠢᠭᠡ ᠳᠡᠭᠡᠭᠰᠢᠯᠡᠯᠲᠡ︾ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠦᠳᠦᠭᠦᠯᠢᠭ ᠦᠷ᠎ᠡ ᠠᠰᠢᠭ ᠳᠣᠤᠷ᠎ᠠ ᠪᠠᠶᠢᠭᠰᠠᠨ ᠠᠴᠠ ᠪᠠᠨ ᠠᠷᠪᠢᠯᠠᠨ ᠡᠷᠴᠢᠮᠵᠢᠭᠦᠯᠬᠦ ᠳᠠᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠲᠠᠷᠢᠮᠠᠯ ᠤᠨ ᠦᠢᠯᠡᠰ ᠠᠴᠠ ᠳᠠᠷᠢᠵᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠪᠥᠬᠦ ᠬᠦᠷᠢᠶ᠎ᠡ ᠲᠡᠰᠢ ᠠᠬᠢᠭᠤᠯᠵᠤ᠂ ᠦᠢᠯᠡᠳᠪᠦᠷᠢᠯᠡᠯ ᠤᠨ ᠳᠤᠮᠳᠠ ᠠᠴᠠ ᠦᠢᠯᠡᠳᠪᠦᠷᠢᠯᠡᠯ ᠤᠨ ᠡᠮᠦᠨᠡᠬᠢ᠂ ᠦᠢᠯᠡᠳᠪᠦᠷᠢᠯᠡᠯ ᠤᠨ ᠳᠠᠷᠠᠭᠠᠬᠢ ᠵᠡᠷᠭᠡ ᠭᠤᠭᠴᠤᠭ᠎ᠠ ᠵᠢᠴᠢ ᠮᠥᠩᠭᠦᠨ ᠭᠦᠢᠯᠭᠡᠭᠡ ᠳᠠᠭᠠᠳᠬᠠᠯ ᠵᠡᠷᠭᠡ ᠢᠵᠢ ᠪᠥᠷᠢᠳᠦᠭᠦᠯᠬᠦ ᠦᠢᠯᠡᠴᠢᠯᠡᠭᠡ ᠲᠡᠰᠢ ᠤᠷᠲᠤᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠠᠮᠤᠷᠬᠤ ᠨᠣᠷᠮ᠎ᠠ ᠪᠠ ᠲᠤᠯᠭᠠᠭᠤᠷᠢᠯᠠᠬᠤ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠶ᠃       ᠳᠣᠯᠣᠳᠤᠭᠠᠷ ᠰᠠᠷ᠎ᠠ ᠶᠢᠨ ᠭᠠᠯ᠂ ᠵᠤᠨ ᠤ ᠠᠭᠠᠬᠢᠮ᠎ᠠ ᠬᠠᠯᠠᠭᠤᠨ ᠳᠤ ᠬᠤᠷᠠᠯ ᠳᠤ ᠣᠷᠣᠯᠴᠠᠭᠰᠠᠳ ᠤᠨ ᠲᠣᠭᠤᠷᠢᠨ ᠦᠵᠡᠵᠦ ᠰᠤᠷᠤᠯᠴᠠᠬᠤ ᠬᠠᠯᠠᠭᠤᠨ ᠰᠡᠳᠬᠢᠯᠭᠡ ᠶᠢ ᠲᠡᠪᠴᠢᠵᠦ᠂ ᠤᠯᠠᠨ ᠢᠶᠠᠷ ᠢᠶᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠬᠢᠯᠠᠰ ᠴᠡᠭ ᠪᠣᠯᠤᠨ ᠦᠷ᠎ᠡ ᠪᠦᠲᠦᠭᠡᠯ ᠢ ᠲᠣᠭᠤᠷᠢᠨ ᠦᠵᠡᠵᠦ᠂ ᠲᠤᠬᠠᠢ ᠶᠢᠨ ᠲᠠᠯᠠᠪᠠᠢ ᠳᠤ ᠲᠠᠷᠢᠶᠠᠯᠠᠩ ᠤᠨ ᠮᠠᠰᠢᠨ ᠤ ᠲᠤᠬᠠᠢ ᠶᠢᠨ ᠲᠠᠯᠠᠪᠠᠢ ᠳᠤ ᠠᠵᠢᠯᠯᠠᠬᠤ ᠦᠵᠡᠭᠦᠯᠦᠯᠭᠡ ᠶᠢ ᠲᠣᠭᠤᠷᠢᠨ ᠦᠵᠡᠵᠦ᠂ ᠮᠠᠰᠢᠨ ᠤ ᠠᠵᠢᠯᠲᠠᠨ ᠤ ᠪᠣᠯᠪᠠᠰᠤᠷᠠᠯ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ᠂ ᠠᠵᠢᠯᠯᠠᠬᠤ ᠪᠠᠷᠢᠮᠵᠢᠶ᠎ᠠ᠂ ᠨᠠᠶᠢᠳᠠᠨ ᠬᠠᠮᠢᠶᠠᠷᠤᠭᠤᠯᠬᠤ ᠵᠠᠭᠪᠤᠷ᠂ ᠥᠷᠭᠡᠳᠬᠡᠨ ᠤᠷᠲᠤᠳᠬᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠡᠪᠲᠡᠷᠡᠯᠴᠡᠨ ᠵᠣᠬᠢᠴᠠᠭᠤᠯᠬᠤ᠂ ᠵᠠᠯᠭᠠᠯᠳᠤᠭᠤᠯᠤᠨ ᠠᠬᠢᠭᠤᠯᠬᠤ᠂ ᠲᠦᠷᠦᠯ ᠵᠦᠢᠯ ᠢ ᠬᠡᠷᠡᠭᠵᠢᠭᠦᠯᠬᠦ ᠵᠡᠷᠭᠡ ᠠᠰᠠᠭᠤᠳᠠᠯ ᠢ ᠭᠦᠨᠵᠡᠭᠡᠢ ᠰᠣᠯᠢᠯᠴᠠᠬᠤ ᠶᠢᠨ ᠬᠠᠮᠲᠤ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠬᠦᠯᠢ ᠴᠣᠭᠴᠠ ᠶᠢᠨ ᠲᠥᠯᠥᠪᠵᠢᠭᠦᠯᠭᠡ᠂ ᠲᠦᠷᠦᠯ ᠵᠦᠢᠯ ᠤᠨ ᠬᠡᠷᠡᠭᠵᠢᠭᠦᠯᠦᠯᠲᠡ᠂ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠲᠠᠯ᠎ᠠ ᠪᠠᠷ ᠰᠤᠳᠤᠯᠤᠨ ᠶᠠᠷᠢᠯᠴᠠᠪᠠ᠃       ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠬᠤᠰᠢᠭᠤᠨ ᠤ ᠨᠡᠶᠢᠭᠡᠮᠴᠢᠯᠡᠭᠰᠡᠨ  ᠦᠢᠯᠡᠴᠢᠯᠡᠭᠡᠨ ᠤ ᠲᠥᠷᠥᠯ ᠵᠦᠢᠯ ᠤᠨ ᠪᠠᠯᠠ ᠮᠥᠩᠭᠦ 1060 ᠲᠦᠮᠡᠨ ᠲᠥᠭᠦᠷᠢᠭ ᠲᠤ ᠬᠦᠷᠴᠦ᠂ ᠨᠡᠶᠢᠭᠡᠮᠴᠢᠯᠡᠭᠰᠡᠨ  ᠦᠢᠯᠡᠴᠢᠯᠡᠭᠡᠨ ᠤ ᠲᠠᠯᠠᠪᠠᠶ 14.8 ᠲᠦᠮᠡᠨ ᠮᠥ ᠳᠤ ᠬᠦᠷᠴᠦ᠂ ᠨᠡᠶᠢᠭᠡᠮᠴᠢᠯᠡᠭᠰᠡᠨ  ᠦᠢᠯᠡᠴᠢᠯᠡᠭᠡᠨ ᠢ ᠪᠦᠬᠦᠨ ᠢ ᠨᠠᠶᠢᠳᠠᠨ ᠬᠠᠮᠢᠶᠠᠷᠤᠭᠤᠯᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠪᠥᠬᠦ ᠬᠤᠰᠢᠭᠤᠨ ᠤ ᠭᠠᠭᠴᠠ ᠭᠤᠭᠴᠣᠭᠠᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ 107 ᠲᠦᠮᠡᠨ ᠮᠥ ᠳᠤ ᠬᠦᠷᠴᠡᠶ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ