ᠬᠠᠩᠭᠢᠨ ᠬᠤᠶᠢᠲᠤ ᠬᠤᠰᠢᠭᠤ 2023 ᠣᠨ ᠤ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠲᠣᠭᠤᠷᠢᠨ ᠦᠵᠡᠬᠦ ᠵᠢᠴᠢ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/23
      7 ᠰᠠᠷ᠎ᠠ ᠶᠢᠨ 28 ᠤ ᠡᠳᠦᠷ᠂ ᠬᠠᠩᠭᠢᠨ ᠬᠤᠶᠢᠲᠤ ᠬᠤᠰᠢᠭᠤ 2023 ᠣᠨ ᠤ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠲᠣᠭᠤᠷᠢᠨ ᠦᠵᠡᠬᠦ ᠵᠢᠴᠢ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠯᠦᠩ᠂  ᠲᠠᠷᠢᠶᠠᠯᠠᠩ  ᠮᠠᠯ  ᠠᠵᠤ ᠠᠬᠤᠶ  ᠪᠠ  ᠰᠢᠨᠵᠢᠯᠡᠬᠦ  ᠤᠬᠠᠭᠠᠨ  ᠮᠡᠷᠭᠡᠵᠢᠯ  ᠤᠨ  ᠲᠣᠪᠴᠢᠶ᠎ᠠ  ᠶᠢᠨ ᠬᠠᠮᠢᠶ᠎ᠠ  ᠪᠥᠬᠦᠶ  ᠬᠥᠮᠦᠰ᠂  ᠡᠯ᠎ᠡ  ᠪᠠᠯᠭᠠᠰᠤ  ︵ ᠲᠠᠷᠢᠶᠠᠯᠠᠩ ᠤᠨ ᠲᠠᠯᠠᠪᠠᠶ︶ ᠶᠢᠨ ᠬᠠᠷᠢᠭᠤᠴᠠᠯᠭᠠᠲᠠᠨ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠣᠷᠣᠭᠴᠢ ᠣᠷᠣᠯᠴᠠᠵᠠᠶ᠃       ᠦᠵᠡᠭᠦᠯᠦᠯᠭᠡ ᠶᠢᠨ ᠳᠤᠭᠤᠶᠢᠯᠠᠩ ᠤᠷᠢᠳ ᠬᠤᠵᠢᠳ ᠰᠢ ᠮᠧᠩ ᠦᠷ᠎ᠡ ᠶᠢᠨ ᠦᠢᠯᠡᠰ ᠤᠨ ᠰᠢᠶᠤᠤ ᠵᠤᠤ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠳᠧᠦ ᠳ᠋ᠤᠤ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ ᠤ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠪᠦᠯᠬᠦᠮᠳᠡᠯ ᠪᠠᠯᠭᠠᠰᠤᠨ ᠤ ᠳ᠋ᠧ ᠹᠧᠩ ᠲᠣᠰᠬᠤᠨ ᠤ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠵᠢᠴᠢ ᠤᠷᠠᠳ ᠤᠨ ᠬᠤᠶᠢᠲᠤ ᠬᠤᠰᠢᠭᠤᠨ ᠤ ᠤᠦ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠬᠡᠰᠡᠭ ᠤᠨ ᠲᠠᠷᠢᠮᠠᠯ ᠤᠨ ᠪᠠᠶᠢᠳᠠᠯ᠂ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠵᠢᠴᠢ ᠲᠠᠷᠠᠭᠠᠴᠢ ᠶᠢᠨ ᠠᠯᠬᠤᠮ ᠤᠨ ᠠᠬᠢᠭᠤᠯᠬᠤ ᠲᠥᠯᠥᠪᠯᠡᠭᠡ ᠶᠢ ᠨᠠᠷᠢᠨ ᠣᠶᠢᠯᠠᠭᠠᠬᠤ ᠶᠢᠨ ᠬᠠᠮᠲᠤ᠂ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃       ᠯᠢ ᠯᠦᠩ ᠲᠣᠭᠤᠷᠢᠨ ᠦᠵᠡᠬᠦ ᠳᠡᠭᠡᠨ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠥᠷᠢᠶ᠎ᠡ ᠪᠠᠨ ᠡᠷᠢᠵᠦ᠂ ᠬᠦᠷᠦᠯᠴᠡᠬᠦ ᠥᠬᠡᠶ ᠲᠠᠯ᠎ᠠ ᠪᠠᠨ ᠨᠥᠬᠦᠪᠥᠷᠢᠯᠡᠵᠦ᠂ ᠠᠵᠢᠯ ᠤᠨ ᠰᠡᠳᠬᠢᠴᠡ ᠪᠠ ᠬᠠᠷᠠᠭ᠎ᠠ ᠪᠠᠨ ᠥᠷᠭᠡᠳᠬᠡᠵᠦ᠂ ︽ᠭᠤᠷᠪᠠᠨ ᠰᠢᠨ᠎ᠡ ᠨᠢᠭᠡ ᠳᠡᠭᠡᠭᠰᠢᠯᠡᠯᠲᠡ︾ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠦᠳᠦᠭᠦᠯᠢᠭ ᠦᠷ᠎ᠡ ᠠᠰᠢᠭ ᠳᠣᠤᠷ᠎ᠠ ᠪᠠᠶᠢᠭᠰᠠᠨ ᠠᠴᠠ ᠪᠠᠨ ᠠᠷᠪᠢᠯᠠᠨ ᠡᠷᠴᠢᠮᠵᠢᠭᠦᠯᠬᠦ ᠳᠠᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ︽ᠳᠥᠷᠪᠡᠨ ᠱᠠᠲᠤ ᠬᠤᠯᠪᠣᠭᠠᠯᠠᠨ ᠡᠭᠦᠳᠬᠦ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾᠂ ︽ᠬᠦᠷᠢᠶᠡᠯᠡᠩ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ︾ ᠵᠡᠷᠭᠡ ᠳᠤ ᠲᠦᠰᠢᠭᠯᠡᠨ᠂ ᠰᠥᠷᠬᠦ ᠶᠢ ᠡᠰᠡᠷᠭᠦᠴᠡᠬᠦ᠂ ᠡᠯᠪᠡᠭ ᠪᠠᠶᠠᠯᠢᠭ ᠭᠠᠷᠤᠯᠲᠠ ᠲᠠᠢ ᠰᠢᠯᠢᠳᠡᠭ ᠰᠢᠨ᠎ᠡ ᠲᠥᠷᠥᠯ ᠵᠦᠢᠯ ᠢ ᠶᠡᠬᠡᠪᠡᠷ ᠳᠡᠯᠭᠡᠷᠡᠭᠦᠯᠵᠦ᠂ ᠦᠷ᠎ᠡ ᠰᠣᠩᠭᠤᠬᠤ ᠪᠡᠷᠬᠡ ᠪᠣᠭᠤᠮᠲᠠ ᠶᠢ ᠡᠪᠳᠡᠬᠦ ᠬᠡᠷᠡᠭᠲᠡᠶ᠃ ᠰᠢᠨ᠎ᠡ ᠮᠡᠷᠭᠡᠵᠢᠯ ᠢ ᠰᠢᠯᠢᠳᠡᠭᠵᠢᠭᠦᠯᠵᠦ᠂ ᠰᠢᠨ᠎ᠡ ᠵᠠᠭᠪᠤᠷ ᠢ ᠲᠦᠭᠡᠮᠡᠯᠵᠢᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠷᠢᠶᠠᠯᠠᠩ ᠮᠠᠯ ᠠᠵᠤ ᠠᠬᠤᠶ ᠶᠢᠨ ᠪᠦᠬᠦ ᠠᠵᠤ ᠦᠢᠯᠡᠰ ᠤᠨ ᠬᠡᠯᠬᠢᠶ᠎ᠡ ᠳᠤ ᠦᠵᠡᠭᠦᠯᠬᠦ ᠪᠦᠷᠬᠦᠴᠡ ᠶᠢᠨ ᠨᠣᠷᠮ᠎ᠠ ᠪᠠ ᠲᠤᠯᠭᠠᠭᠤᠷᠢᠯᠠᠬᠤ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠶ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ