8 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠰᠢᠶᠠᠩ ᠶᠠᠩ ᠰᠢᠶᠠᠨ ᠤ ᠳᠥᠷᠪᠡᠨ ᠶᠡᠭᠡ ᠪᠠᠭ ᠪᠣᠯᠤᠨ ᠡᠯ᠎ᠡ ᠰᠤᠮᠤ | ᠪᠠᠯᠭᠠᠰᠤ ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠳ᠋ᠧᠩᠺᠸᠦ ᠰᠢᠶᠠᠨ ᠤ | ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ | ᠯᠢᠦ ᠰᠢᠶᠠᠩ ᠶᠠᠩ ᠨᠠᠷ ᠱᠠᠵᠢᠨᠲᠣᠬᠤᠢ ᠰᠤᠮᠤᠨ ᠤ ᠥᠨᠳᠥᠷᠮᠣᠳᠣ ᠭᠠᠴᠠᠭᠠᠨ ᠤ ᠸᠠᠩ ᠤᠨ ᠭᠠᠵᠠᠷ ᠤᠨ ᠡᠯᠡᠰᠦᠨ ᠤ ᠠᠵᠤ ᠦᠢᠯᠡᠰ ᠤᠨ ᠬᠦᠷᠢᠶᠡᠯᠡᠩ ᠢ | ᠲᠣᠭᠤᠷᠢᠨ ᠦᠵᠡᠪᠡ᠃ | ᠲᠣᠭᠤᠷᠢᠨ ᠦᠵᠡᠬᠦ ᠪᠦᠯᠬᠦᠮ ᠤᠨ ᠬᠢᠨ ᠤᠷᠢᠳ ᠬᠤᠵᠢᠳ ᠳ᠋ᠦ᠋ ᠺᠸᠦ ᠪᠠᠯᠭᠠᠰᠤᠨ ᠤ ᠳ᠋ᠦᠩ ᠰᠢᠨ ᠲᠠᠷᠢᠶᠠᠯᠠᠩ ᠤᠨ ᠲᠤᠰᠬᠠᠶ ᠬᠤᠷᠰᠢᠶᠠᠵᠢᠯ ᠵᠢᠴᠢ ᠳ᠋ᠦᠩ | ᠳ᠋ᠢ ᠲᠣᠰᠬᠤᠨ ᠤ ᠳ᠋ᠦᠩ ᠰᠢᠨ ᠤᠰᠤᠨ ᠤ ᠶᠠᠪᠤᠳᠠᠯ ᠤᠨ ᠲᠤᠰᠬᠠᠶ ᠬᠤᠷᠰᠢᠶᠠᠵᠢᠯ᠂ ᠪᠤᠯᠤᠩᠨᠠᠭᠤᠷ ᠪᠠᠯᠭᠠᠰᠤ ᠶᠢᠨ ᠪᠠ ᠯᠧᠩ ᠤᠨ ᠠᠵᠤ ᠦᠢᠯᠡᠰ ᠤᠨ ᠬᠦᠷᠢᠶᠡᠯᠡᠩ | ᠵᠢᠴᠢ ᠰᠢᠨ ᠾᠧ ᠶᠢᠨ ᠴᠢᠭᠢᠭ ᠤᠨ ᠤᠯᠠᠭᠠᠨ ᠬᠤᠷᠣᠬᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠱᠠᠵᠢᠨᠲᠣᠬᠤᠶ ᠰᠤᠮᠤ ᠶᠢᠨ ᠪᠠᠶᠠᠨᠪᠤᠯᠠᠭ ᠭᠠᠴᠠᠭ᠎ᠠ ᠶᠢᠨ | ᠮᠠᠯᠴᠢᠳ ᠤᠨ ᠰᠢᠨ᠎ᠡ ᠲᠣᠰᠬᠤᠨ ᠤ ᠡᠯᠡᠰᠦᠨ ᠴᠦᠯ ᠤᠨ ᠵᠤᠭᠠᠴᠠᠯ ᠤᠨ ᠠᠶᠢᠯ ᠤᠨ ᠪᠠᠭᠤᠴᠠ ᠶᠢᠨ ᠲᠥᠷᠥᠯ ᠵᠦᠢᠯ ᠤᠨ ᠲᠣᠭᠤᠷᠢᠭ᠂ ᠪᠣᠷᠣᠲᠣᠯᠣᠭᠠᠢ | ᠲᠠᠷᠢᠶᠠᠯᠠᠩ ᠤᠨ ᠲᠠᠯᠠᠪᠠᠢ ᠶᠢᠨ ᠭᠤᠷᠪᠠ ᠵᠢᠷᠭᠤᠳᠤᠭᠠᠷ ᠬᠤᠪᠢᠶᠠᠷᠢ ᠲᠠᠯᠠᠪᠠᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ᠂ | ᠪᠠᠶᠠᠨᠲᠣᠬᠤᠶ ᠲᠠᠷᠢᠶᠠᠯᠠᠩ ᠤᠨ ᠲᠠᠯᠠᠪᠠᠢ ᠶᠢᠨ ᠯᠠᠵᠤᠤ ᠶᠢᠨ ᠲᠠᠷᠢᠮᠠᠯ ᠤᠨ ᠬᠦᠷᠢᠶᠡᠯᠡᠩ ᠤᠨ ᠲᠣᠭᠤᠷᠢᠭ᠂ ᠡᠯᠡᠰᠦᠨ ᠴᠥᠯ ᠤᠢ ᠰᠢᠭᠤᠢ ᠶᠢᠨ ᠲᠥᠪ ᠤᠨ ᠡᠯᠡᠰᠦᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠶᠢ | ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳ᠋ᠧᠩᠺᠸᠦ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠵᠠᠢ᠃ | ᠯᠢᠦ ᠰᠢᠶᠠᠩ ᠶᠠᠩ ᠵᠢᠭᠠᠵᠤ ᠭᠠᠷᠭᠠᠭᠰᠠᠨ ᠨᠢ᠂ ︽ᠲᠠᠷᠢᠶᠠᠯᠠᠩ ᠮᠠᠯ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ︾ ᠪᠣᠯ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ | ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠰᠡᠳᠬᠢᠴᠡ ᠪᠣᠯᠤᠨ ᠠᠷᠭ᠎ᠠ | ᠬᠡᠮᠵᠢᠶ᠎ᠡ ᠪᠠᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠰᠤ ᠠᠷᠪᠢᠯᠠᠵᠤ ᠦᠷ᠎ᠡ | ᠠᠰᠢᠭ ᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠨ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ ᠪᠡᠯᠡᠳᠭᠡᠮᠵᠢᠳᠤ ᠲᠠᠷᠢᠶᠠᠯᠠᠩ ᠨᠢ ᠥᠨᠳᠥᠷ ᠡᠬᠢᠯᠡᠯᠲᠡ ᠪᠠᠷ ᠲᠥᠯᠥᠪᠵᠢᠭᠦᠯᠬᠦ᠂ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠬᠤ᠂ | ᠥᠨᠳᠥᠷ ᠪᠠᠷᠢᠮᠵᠢᠶ᠎ᠠ ᠪᠠᠷ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠠᠵᠤ ᠦᠢᠯᠡᠰ ᠤᠨ ᠬᠡᠪᠴᠢᠶ᠎ᠡ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠪᠠᠷᠢᠮᠵᠢᠶᠠᠵᠢᠭᠤᠯᠬᠤ᠂ ᠲᠦᠷᠦᠯ ᠳᠡᠮᠳᠡᠭᠵᠢᠭᠦᠯᠬᠦ᠂ ᠬᠡᠪᠴᠢᠶᠡᠵᠢᠭᠦᠯᠬᠦ ᠳᠡᠭᠡᠷ᠎ᠡ ᠬᠦᠴᠦ ᠲᠠᠯᠪᠢᠵᠤ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ ᠦᠷᠢᠰᠦᠯᠳᠦᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠲᠤᠯᠭᠠᠭᠤᠷᠢᠯᠠᠯ ᠨᠡᠮᠡᠷᠢᠯᠡᠬᠦ | ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠳᠠᠮᠵᠢᠭᠤᠯᠤᠨ᠂ ᠲᠠᠷᠢᠶᠠᠨ ᠭᠠᠵᠠᠷ ᠤᠨ ᠠᠰᠢᠭᠯᠠᠯᠲᠠ ᠶᠢᠨ ᠨᠤᠷᠮ᠎ᠠ ᠪᠠ ᠲᠠᠷᠢᠶᠠᠯᠠᠩ ᠤᠨ ᠭᠠᠷᠤᠯᠲᠠ ᠶᠢᠨ | ᠨᠤᠷᠮ᠎ᠠ ᠶᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠪᠠ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠪᠦᠲᠦᠮᠵᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠬᠦᠴᠦᠨ ᠵᠦᠢᠯ ᠢ | ᠳᠣᠭᠢᠷᠠᠭᠤᠯᠤᠨ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠯ ᠢ ᠲᠡᠭᠦᠯᠳᠡᠷᠵᠢᠭᠦᠯᠦᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ | ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠣᠷᠴᠢᠯ ᠪᠦᠬᠦᠢ ᠠᠮᠢ ᠠᠬᠤᠶ ᠶᠢᠨ ᠲᠠᠷᠢᠶᠠᠯᠠᠩ ᠤᠨ | ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠤᠳᠤ ᠶᠢᠨ ᠪᠠᠶᠢᠭ᠎ᠠ ᠰᠠᠭᠤᠷᠢ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠠᠮᠢ ᠠᠬᠤᠶ ᠶᠢ | ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠶ᠃ ᠬᠥᠳᠡᠭᠡ ᠠᠵᠤ ᠠᠬᠤᠢ ᠶᠢᠨ ᠪᠦᠬᠦ ᠠᠵᠤ | ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠲᠠᠷᠢᠮᠠᠯ ᠲᠡᠵᠢᠭᠡᠪᠦᠷᠢ ᠶᠢᠨ ᠦᠢᠯᠡᠰ ᠤᠨ ᠡᠮᠦᠨ᠎ᠡ ᠬᠤᠶᠢᠨ᠎ᠠ ᠦᠵᠦᠭᠦᠷ ᠲᠡᠰᠢ | ᠥᠷᠭᠡᠵᠢᠬᠦ᠂ ᠳᠡᠭᠡᠳᠦ ᠳᠤᠤᠷᠠᠳᠤ ᠤᠷᠤᠰᠬᠠᠯ ᠲᠡᠰᠢ ᠥᠷᠭᠡᠵᠢᠬᠦ ᠶᠢ ᠠᠬᠢᠭᠤᠯᠵᠤ᠂ ᠪᠦᠲᠦᠭᠡᠭᠳᠡᠬᠦᠨ ᠤ ᠨᠡᠮᠡᠯᠲᠡ ᠦᠷᠳᠡᠭ ᠢ ᠳᠠᠰᠤᠷᠠᠯᠳᠠ ᠦᠬᠡᠢ ᠳᠡᠭᠡᠭᠰᠢᠯᠡᠭᠦᠯᠬᠦ | ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ ᠢ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠪᠠᠶᠠᠯᠢᠭ ᠠᠭᠤᠯᠬᠤᠨ ᠢ ᠭᠦᠨᠵᠡᠭᠡᠶ ᠣᠶᠢᠯᠠᠭᠠᠵᠤ᠂ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠳ᠋ᠧᠩᠺᠸᠦ ᠰᠢᠶᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ | ᠪᠠᠳᠠᠷᠠᠭᠤᠯᠵᠤ᠂ ᠬᠠᠲᠤᠨ ᠭᠤᠤᠯ ᠤᠨ ︽ᠵᠢᠢ ᠥᠰᠥᠭ ᠤᠨ ᠮᠤᠷᠦ᠋ᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠵᠤ᠂ ᠳ᠋ᠧᠩᠺᠸᠦ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠵᠠᠭᠪᠤᠷ ᠢ ᠡᠭᠦᠳᠦᠨ ᠭᠠᠷᠭᠠᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠪᠠᠷ ᠵᠠᠰᠠᠬᠤ ᠶᠢ ᠪᠥᠬᠦ | ᠲᠠᠯ᠎ᠠ ᠪᠠᠷ ᠳᠥᠯᠭᠢᠨ ᠠᠬᠢᠭᠤᠯᠤᠨ᠎ᠠ᠃ | ᠯᠢᠦ ᠰᠢᠶᠠᠩ ᠶᠠᠩ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ᠂ ᠡᠯ᠎ᠡ ᠨᠢᠭᠡᠴᠡ ᠰᠠᠯᠠᠭ᠎ᠠ ᠮᠥᠴᠢᠷ ᠤᠨ ᠬᠢᠨ | ᠲᠤᠰ ᠤᠳᠠᠭᠠᠨ ᠤ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠠᠵᠠ ᠲᠣᠬᠢᠶᠠᠯ ᠪᠣᠯᠭᠠᠵᠤ᠂ ᠬᠠᠷᠢᠯᠴᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ | ᠰᠤᠷᠤᠯᠴᠠᠨ ᠲᠣᠯᠢᠯᠠᠵᠤ᠂ ᠥᠪᠡᠷ ᠤᠨ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠤᠨ᠂ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢᠶᠠᠨ ᠦᠨᠡᠨᠬᠦ ᠰᠠᠶᠢᠲᠤᠷ ᠪᠡᠶᠡᠯᠡᠭᠦᠯᠵᠦ᠂ ᠪᠦᠬᠦ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | | | |