ᠭᠠᠴᠠᠭᠠᠨ ᠤ ᠬᠠᠮᠲᠤ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢᠨ ᠨᠡᠮᠡᠭᠳᠡᠯ᠂ ᠶᠠᠰᠤ ᠴᠢᠨᠠᠷ ᠤᠨ ᠳᠡᠭᠡᠭᠰᠢᠯᠡᠯᠲᠡ ᠶᠢ ᠤᠯᠠᠮ ᠨᠢᠭᠡ ᠠᠯᠬᠤᠮ | ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ | ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠰᠢᠯᠭᠠᠷᠠᠬᠤ ᠶᠢ ᠲᠦᠯᠬᠢᠨ ᠠᠬᠢᠭᠤᠯᠪᠠ᠃ 8 ᠰᠠᠷ᠎ᠠ ᠶᠢᠨ 4 ᠤ ᠡᠳᠦᠷ᠂ ᠦᠶᠤᠸᠠᠨ ᠰᠢᠶᠠᠨ ᠪᠥᠬᠦ ᠰᠢᠶᠠᠨ ᠤ ᠬᠥᠳᠡᠭᠡ | ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠲᠡᠳᠬᠦᠨ ᠪᠤᠵᠠᠭᠠᠶᠢᠷᠠᠭᠤᠯᠬᠤ ᠬᠠᠮᠲᠤᠷᠠᠭᠰᠠᠨ ᠬᠤᠷᠠᠯ ᠬᠤᠷᠠᠯᠳᠤᠵᠤ᠂ ᠰᠢᠶᠠᠨ ᠤ ᠨᠡᠶᠢᠲᠡ ᠶᠢᠨ | ᠪᠤᠰᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠶᠢᠨ ᠸᠧᠢ ᠬᠤᠷᠠᠯ ᠢ ᠡᠷᠭᠢᠯᠡᠵᠦ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠣᠶᠤᠨᠳᠠᠯᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ | ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠳ᠋ ᠤᠨ ᠵᠠᠰᠠᠭ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠡᠬᠢ ᠪᠠᠶᠠᠯᠢᠭ᠂ ᠬᠢᠨᠠᠨ ᠪᠤᠳᠤᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠨᠥᠬᠦᠳ ᠬᠤᠷᠠᠯ ᠳᠤ ᠣᠷᠣᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠪᠦᠬᠦ ᠬᠤᠲᠠ᠂ ᠰᠢᠶᠠᠨ ᠤ | ᠪᠣᠳᠠᠲᠤ ᠠᠮᠵᠢᠯᠲᠠ ᠶᠢ ᠬᠢᠨᠠᠨ ᠰᠢᠯᠭᠠᠬᠤ᠂ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠭᠤᠣᠯᠳᠠᠯᠭ᠎ᠠ ᠪᠣᠯᠣᠨ᠎ᠠ᠂ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ | ︶ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠲᠣᠰ ᠤᠨ ᠪᠣᠳᠠᠲᠤ ᠰᠠᠭᠤᠷᠢ ᠳᠠᠭᠠᠨ ᠰᠠᠭᠤᠷᠢᠯᠠᠨ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ | ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠲᠥᠷᠥᠯ ᠵᠦᠢᠯ ᠢ ᠨᠢᠭᠡ ᠨᠢᠭᠡ ᠪᠠᠷ | ᠬᠡᠷᠡᠭᠵᠢᠭᠦᠯᠪᠡᠯ ᠨᠢᠭᠡ ᠨᠢᠭᠡ ᠪᠠᠷ ᠨᠠᠶᠢᠳᠠᠪᠤᠷᠢᠵᠢᠭᠤᠯᠪᠠᠯ ᠨᠢᠭᠡ ᠠᠰᠢᠭ ᠣᠯᠵᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠵᠤ᠂ ᠪᠣᠳᠠᠲᠠᠢ ᠳᠤ ᠨᠡᠶᠢᠴᠡᠬᠦ᠂ ᠦᠨᠡᠨ ᠬᠦ | ᠬᠡᠷᠡᠭᠵᠢᠭᠦᠯᠵᠦ ᠪᠣᠯᠬᠤ᠂ ᠣᠯᠠᠨ ᠲᠦᠮᠡᠨ ᠳᠤ ᠮᠡᠳᠡᠷᠡᠭᠳᠡᠭᠰᠡᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠦᠪᠡᠭᠴᠢᠯᠡᠨ ᠬᠡᠷᠡᠭᠵᠢᠭᠦᠯᠵᠦ᠂ ᠲᠣᠰᠬᠤᠨ ᠤ | ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠤᠨ ᠬᠤᠪᠢᠶᠠᠷᠢᠯᠠᠯ ᠢᠶᠠᠨ | ᠦᠨᠳᠦᠰᠦᠯᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠷᠥᠯ ᠵᠦᠢᠯ ᠢ ᠴᠢᠨᠠᠷ ᠰᠠᠶᠢᠲᠠᠢ | ᠬᠡᠷᠡᠭᠵᠢᠭᠦᠯᠬᠦ᠂ ᠵᠢᠷᠤᠮᠵᠢᠭᠤᠯᠤᠨ ᠰᠢᠯᠭᠠᠨ ᠠᠪᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠰᠬᠠᠢ ᠪᠡᠯᠡ ᠮᠥᠩᠭᠦ ᠶᠢ ᠰᠢᠯᠵᠢᠭᠦᠯᠦᠨ ᠥᠭᠬᠦ ᠶᠢ | ᠪᠣᠳᠠᠲᠠᠶᠢᠵᠢᠭᠤᠯᠬᠤ ᠪᠠ ᠪᠦᠲᠦᠮᠵᠢᠲᠡᠶ ᠬᠢᠨᠠᠨ ᠬᠠᠮᠢᠶᠠᠷᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠳᠣᠬᠢ ᠪᠠᠶᠢᠳᠠᠯ ᠢ ᠪᠦᠬᠦ ᠲᠠᠯ᠎ᠠ ᠪᠠᠷ | ᠪᠦᠷᠢᠳᠬᠡᠵᠦ᠂ ᠲᠣᠰᠬᠤᠨ ᠤ ᠨᠠᠮ ᠤᠨ ᠡᠭᠦᠷ ᠤᠨ ᠬᠤᠷᠰᠢᠶ᠎ᠠ ᠶᠢ ᠳᠠᠭᠠᠭᠤᠯᠤᠨ ᠡᠷᠬᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠢᠭᠡ ᠨᠢ ᠪᠣᠯᠪᠠᠰᠤᠷᠠᠩᠭᠤᠢ | ᠪᠣᠯᠪᠠᠯ ᠨᠢᠭᠡ ᠶᠢ ᠳᠠᠭᠠᠭᠤᠯᠤᠨ ᠡᠷᠬᠢᠯᠡᠵᠦ᠂ ᠨᠢᠭᠡ ᠶᠢ ᠳᠠᠭᠠᠭᠤᠯᠤᠨ ᠡᠷᠬᠢᠯᠡᠪᠡᠯ ᠨᠢᠭᠡ ᠶᠢ ᠠᠮᠵᠢᠯᠲᠠ ᠲᠠᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ | ᠵᠣᠬᠢᠶᠠᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠭᠰᠠᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ︽ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠥᠷᠨᠢᠭᠦᠯᠦᠨ᠂ ᠵᠢᠯ ᠤᠨ ᠳᠣᠲᠣᠷ᠎ᠠ ᠪᠣᠶ | ᠪᠦᠬᠦᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ 10% ᠠᠴᠠ ᠳᠡᠭᠡᠭᠰᠢ ᠳᠤ ᠬᠦᠷᠦᠭᠦᠯᠵᠦ᠂ ᠪᠣᠶ ᠪᠦᠬᠦᠢ | ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ 10 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ 50% ᠶᠢᠨ ᠲᠣᠰᠬᠤᠨ ᠤ | ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 20 ᠲᠦᠮᠡᠨ ᠲᠥᠭᠦᠷᠢᠭ ᠲᠤ ᠬᠦᠷᠪᠡ᠃ | | | |