ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 17 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ 8 ᠰᠠᠷ᠎ᠠ ᠶᠢᠨ 17 ᠤ ᠡᠳᠦᠷ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ | ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠬᠤᠷᠠᠯ ᠠᠴᠠ᠂ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢ︾ ᠪᠣᠯ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠪᠤᠷᠠᠨ ᠲᠤᠰᠠᠯᠠᠬᠤ ᠠᠩᠭᠢ ᠡᠮᠦᠨ᠎ᠡ ᠨᠢ ᠭᠠᠪᠰᠢᠭᠠᠶᠢᠯᠠᠵᠤ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠠᠴᠢᠮ ᠲᠤᠰᠠᠯᠠᠵᠤ᠂ ᠲᠥᠪ ᠤᠨ | ᠠᠵᠤ ᠠᠬᠤᠶᠢᠯᠠᠯ ᠪᠣᠯᠣᠨ ᠨᠡᠶᠢᠭᠡᠮ ᠤᠨ ᠬᠦᠴᠦᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠥᠷᠭᠡᠨ ᠤᠯᠠᠨ ᠠᠷᠠᠳ ᠲᠦᠮᠡᠨ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠵᠥ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ | ᠬᠠᠮᠲᠤ ᠪᠠᠷ ᠪᠠᠶᠢᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠲᠡᠮᠡᠴᠡᠯ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ | ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠮᠥᠨ ᠬᠦ ᠭᠤᠣᠯ ᠦᠶᠡᠷ ᠤᠨ ᠬᠤᠭᠤᠴᠠᠭᠠᠨ ᠳᠤ ᠣᠷᠣᠰᠢᠵᠤ᠂ ᠪᠦᠭᠦ ᠤᠯᠤᠰ ᠤᠨ ᠣᠯᠠᠨ ᠭᠠᠵᠠᠷ ᠲᠤ | ᠰᠢᠷᠦᠭᠦᠨ ᠪᠣᠷᠣᠭᠠᠨ᠂ ᠦᠶᠡᠷ ᠤᠰᠤᠲᠤᠯ᠂ ᠲᠠᠶᠢᠹᠧᠩ ᠰᠠᠯᠬᠢ ᠵᠡᠷᠭᠡ ᠭᠠᠮᠰᠢᠭ ᠮᠥᠨ ᠬᠦ ᠣᠯᠠᠨ ᠡᠭᠦᠰᠴᠦ᠂ ᠵᠠᠷᠢᠮ ᠰᠠᠪᠠ ᠭᠠᠵᠠᠷ ᠲᠤ ᠮᠥᠨ ᠬᠦ ᠦᠶᠡᠷ | ᠤᠰᠤᠲᠤᠯ ᠤᠨ ᠭᠠᠮᠰᠢᠭ ᠤᠨ ᠲᠦᠭᠰᠢᠭᠦᠷᠢ ᠣᠷᠣᠰᠢᠵᠤ᠂ ᠤᠮᠠᠷᠠᠲᠤ ᠣᠷᠣᠨ᠂ ᠵᠡᠭᠦᠨ ᠬᠤᠶᠢᠲᠤ ᠶᠢᠨ ᠬᠡᠰᠡᠭ ᠠᠭᠤᠯᠠᠷᠬᠠᠭ ᠣᠷᠣᠨ ᠤ ᠬᠥᠷᠥᠰᠥ ᠰᠢᠷᠣᠢ ᠶᠢᠨ | ᠤᠰᠤᠨ ᠤ ᠠᠭᠤᠯᠤᠭᠳᠠᠴᠠ ᠨᠢᠭᠡᠨᠲᠡ ᠬᠠᠨᠤᠮᠠᠯ ᠬᠡᠮᠵᠢᠶᠡᠨ ᠳᠤ ᠬᠦᠷᠴᠦ᠂ ᠠᠭᠤᠯᠠᠨ ᠦᠶᠡᠷ ᠤᠨ ᠭᠠᠮᠰᠢᠭ ᠤᠨ ᠲᠦᠭᠰᠢᠭᠦᠷᠢ ᠥᠨᠳᠥᠷ ᠪᠠᠶᠢᠵᠤ᠂ ᠮᠥᠨ ᠬᠦ | ᠥᠴᠥᠬᠡᠨ ᠴᠦ ᠰᠤᠯᠠᠷᠠᠭᠤᠯᠵᠤ ᠪᠤᠯᠬᠤ ᠦᠭᠡᠢ ᠪᠠᠶᠢᠨ᠎ᠠ᠃ ᠣᠨᠴᠠ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠤ ᠪᠠᠶᠢᠳᠠᠯ ᠢᠯᠡᠷᠡᠭᠰᠡᠨ ᠪᠥᠭᠡᠳ ᠬᠡᠴᠡᠭᠦᠳᠡᠵᠦ | ᠪᠠᠶᠢᠭ᠎ᠠ ᠳᠤ ᠮᠥᠨ ᠬᠦ ᠬᠥᠩᠭᠡᠨ ᠬᠠᠭᠤᠮᠠᠭᠠᠢ ᠬᠠᠨᠳᠤᠵᠤ ᠪᠤᠯᠬᠤ ᠦᠭᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ | ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ | ᠰᠡᠳᠬᠢᠯᠭᠡ ᠪᠠᠷ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠢ ᠰᠠᠶᠢᠲᠤᠷ | ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠲᠤᠨ ᠳᠠᠭᠠᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠭᠦ ᠬᠢᠭᠡᠳ | ᠭᠠᠮᠰᠢᠭ ᠢ ᠤᠷᠢᠳᠴᠢᠯᠠᠨ ᠮᠡᠳᠡᠭᠡᠯᠡᠬᠦ ᠶᠢᠨ ᠬᠠᠮᠲᠤᠷᠠᠨ ᠬᠥᠳᠡᠯᠦᠯᠴᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠭᠠᠮᠰᠢᠭ ᠤᠨ ᠡᠮᠦᠨᠡᠬᠢ ᠤᠷᠢᠳᠴᠢᠯᠠᠨ | ᠰᠡᠷᠡᠮᠵᠢᠯᠡᠭᠦᠯᠭᠦ ᠶᠢ ᠲᠣᠪᠤᠶᠢᠯᠭᠠᠨ᠂ ᠴᠡᠭ ᠴᠡᠭ ᠢᠶᠠᠷ ᠬᠠᠷᠠᠭᠠᠯᠵᠠᠭᠤᠯᠤᠨ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠪᠠ ᠲᠡᠷᠡ ᠳᠠᠷᠤᠢ ᠳᠤᠨᠢ ᠰᠢᠨᠡᠳᠬᠡᠬᠦ ᠶᠢ | ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠭᠦ ᠶᠢᠨ ᠴᠢᠭᠯᠡᠯᠲᠦ ᠴᠢᠨᠠᠷ ᠢ ᠴᠢᠩᠭᠠᠷᠠᠭᠤᠯᠤᠨ᠂ ᠭᠠᠮᠰᠢᠭ ᠤᠨ ᠰᠡᠷᠡᠮᠵᠢᠯᠡᠭᠦᠯᠤᠯ ᠤᠨ ︽ᠳᠠᠭᠤᠳᠠᠬᠤ ᠬᠠᠷᠢᠭᠤ ᠥᠭᠬᠦ | ︾ ᠶᠢ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠳᠤ ᠰᠢᠭᠤᠳ ᠬᠦᠷᠭᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠤᠷᠢᠳᠴᠢᠯᠠᠨ | ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠤᠨ | ᠠᠵᠢᠯᠯᠠᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ ᠰᠡᠷᠭᠡᠶᠢᠯᠡᠯᠲᠡ ᠶᠢᠨ ᠭᠤᠣᠯᠳᠠᠯᠭ᠎ᠠ ᠶᠢ | ᠳᠣᠪᠤᠶᠢᠯᠭᠠᠵᠤ᠂ ᠰᠠᠪᠠ ᠭᠠᠵᠠᠷ ᠤᠨ ᠴᠢᠨᠠᠷᠲᠠᠢ ᠶᠡᠭᠡ ᠦᠶᠡᠷ ᠪᠣᠯ ᠦᠶᠡᠷ ᠢ ᠰᠡᠷᠭᠡᠶᠢᠯᠡᠬᠦ ᠠᠵᠢᠯ ᠤᠨ ᠢᠮᠠᠭᠲᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠣᠯᠣᠨ᠎ᠠ᠂ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠲᠣᠬᠢᠷᠠᠭᠤᠯᠬᠤ ᠠᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠵᠤ | ᠂ ᠪᠡᠯᠡᠳᠬᠡᠯ ᠲᠥᠰᠥᠯ᠂ ᠡᠩᠨᠡᠭᠡ᠂ ᠡᠳ᠋ ᠪᠣᠳᠠᠰ ᠪᠣᠯᠣᠨ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠨ ᠬᠡᠷᠡᠭᠯᠡᠬᠦ ᠪᠡᠯᠡᠳᠬᠡᠯ ᠢ ᠪᠦᠭᠦ ᠲᠠᠯ᠎ᠠ ᠪᠠᠷ ᠰᠠᠶᠢᠲᠤᠷ | ᠬᠢᠵᠦ᠂ ᠶᠡᠭᠡ ᠭᠤᠣᠯ ᠮᠥᠷᠡᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠭᠡᠷᠡᠭᠲᠡᠶ︔ ᠳᠤᠮᠳᠠ ᠪᠠᠭ᠎ᠠ ᠭᠤᠣᠯ ᠮᠥᠷᠡᠨ ᠤ ᠦᠶᠡᠷ᠂ | ᠳᠤᠮᠳᠠ ᠪᠠᠭ᠎ᠠ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ᠂ ᠠᠭᠤᠯᠠᠨ ᠦᠶᠡᠷ ᠪᠣᠯᠣᠨ ᠭᠠᠵᠠᠷ ᠤᠨ ᠭᠠᠮᠰᠢᠭ᠂ ᠬᠤᠳᠠ ᠬᠥᠳᠡᠭᠡ ᠶᠢᠨ | ᠤᠰᠤᠲᠤᠯ ᠵᠡᠷᠭᠡ ᠪᠠᠭᠤᠷᠠᠢ ᠭᠤᠭᠴᠤᠭ᠎ᠠ ᠶᠢᠨ ᠦᠶᠡᠷ ᠢ ᠰᠡᠷᠭᠡᠶᠢᠯᠡᠵᠦ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠭᠠᠮᠰᠢᠭ ᠪᠤᠯᠬᠤ ᠠᠴᠠ ᠨᠢ ᠡᠮᠦᠨ᠎ᠡ ᠠᠷᠢᠯᠭᠠᠬᠤ ᠭᠡᠷᠡᠭᠲᠡᠢ︔ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠩ ᠬᠠᠭᠰᠠᠷᠠᠭᠠᠨ ᠤᠰᠤᠲᠤᠯ ᠵᠡᠷᠭᠡ ᠪᠠᠷ ᠡᠭᠦᠰᠬᠦ᠂ ᠭᠠᠩ ᠬᠠᠭᠰᠠᠷᠠᠭᠠᠨ ᠤᠰᠤᠲᠤᠯ | ᠲᠦᠷᠭᠡᠨ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠷᠡᠰ ᠰᠢᠭᠤᠷᠬᠠᠢ ᠪᠠᠷ ᠰᠢᠯᠵᠢᠭᠦᠯᠦᠨ ᠠᠶᠤᠯ ᠠᠴᠠ ᠵᠠᠶᠢᠯᠠᠭᠤᠯᠵᠤ᠂ ︽ᠠᠷᠪᠠ ᠤᠳᠠᠭ᠎ᠠ | ᠰᠡᠷᠭᠡᠶᠢᠯᠡᠭᠡᠳ ᠶᠢᠰᠦ ᠤᠳᠠᠭ᠎ᠠ ᠨᠢ ᠬᠤᠭᠤᠰᠤᠨ ᠪᠣᠯᠤᠭᠰᠠᠨ ᠴᠤ ᠰᠡᠷᠭᠡᠶᠢᠯᠡᠯᠲᠡ ᠪᠠᠨ ᠠᠯᠳᠠᠵᠤ ᠪᠤᠯᠬᠤ ᠦᠭᠡᠢ︾᠂ ᠵᠠᠩᠭᠢᠯᠠᠭ᠎ᠠ ᠶᠢᠨ ᠦᠶ᠎ᠡ ᠳᠤ ᠠᠶᠤᠯᠲᠠᠢ ᠭᠠᠵᠠᠷ | ᠣᠷᠣᠨ ᠤ ᠣᠯᠠᠨ ᠲᠦᠮᠡᠨ ᠢ ᠰᠢᠯᠵᠢᠭᠦᠯᠦᠨ ᠵᠠᠶᠢᠯᠠᠭᠤᠯᠵᠤ᠂ ᠬᠥᠮᠥᠰ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠪᠡᠯᠡᠳᠬᠡᠯ ᠲᠥᠰᠥᠯ ᠢ ᠤᠯᠠᠮ ᠴᠢᠨᠠᠭᠰᠢᠳᠠ | ᠨᠠᠷᠢᠯᠢᠭᠵᠢᠭᠤᠯᠵᠤ᠂ ᠰᠢᠯᠵᠢᠭᠦᠯᠪᠡᠰᠦ ᠵᠣᠬᠢᠬᠤ ᠶᠢ ᠨᠢ ᠪᠦᠭᠦᠨ ᠢ ᠰᠢᠯᠵᠢᠭᠦᠯᠵᠦ᠂ ᠰᠢᠯᠵᠢᠭᠦᠯᠪᠡᠰᠦ ᠵᠣᠬᠢᠬᠤ ᠶᠢ ᠨᠢ ᠡᠷᠲᠡᠬᠡᠨ ᠰᠢᠯᠵᠢᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠦᠭᠦ ᠬᠦᠴᠦᠨ ᠢᠶᠠᠷ ᠢᠶᠠᠨ ᠠᠶᠤᠯ ᠠᠴᠠ ᠠᠪᠤᠷᠠᠨ ᠲᠤᠰᠠᠯᠠᠵᠤ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠠᠩᠭᠢ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠲᠥᠪ ᠠᠴᠠ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠪᠣᠯᠣᠨ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠵᠤ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ᠂ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ᠂ ᠪᠦᠭᠦ | ᠬᠦᠴᠦᠨ ᠢᠶᠠᠷ ᠢᠶᠠᠨ ᠬᠠᠰᠢᠯᠭ᠎ᠠ ᠶᠢ ᠪᠠᠬᠢᠯᠡᠨ ᠠᠶᠤᠯ ᠢ ᠠᠷᠢᠯᠭᠠᠵᠤ᠂ ᠬᠠᠰᠢᠭᠳᠠᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠠᠪᠤᠷᠠᠵᠤ᠂ ᠪᠠᠷ᠎ᠠ ᠰᠤᠷᠠᠭ ᠦᠭᠡᠢ | ᠪᠣᠯᠤᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ᠂ ᠬᠥᠮᠥᠨ ᠬᠠᠷ᠎ᠠ ᠶᠢᠨ ᠠᠳᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ | ᠭᠡᠷᠡᠭᠲᠡᠢ︔ ᠪᠠᠭᠤᠷᠠᠶ ᠬᠠᠰᠢᠯᠭ᠎ᠠ᠂ ᠵᠠᠩᠭᠢᠯᠠᠭ᠎ᠠ ᠶᠢᠨ ᠬᠠᠰᠢᠯᠭ᠎ᠠ ᠶᠢ ᠤᠷᠢᠳᠴᠢᠯᠠᠨ ᠪᠠᠬᠢᠵᠢᠭᠦᠯᠦᠨ ᠳᠡᠭᠡᠭᠰᠢᠯᠡᠭᠦᠯᠵᠦ᠂ ᠲᠤᠰᠬᠠᠢ ᠬᠦᠴᠦᠨ ᠢ ᠲᠣᠬᠢᠷᠠᠭᠤᠯᠤᠨ | ᠲᠠᠰᠤᠷᠠᠯᠲᠠ ᠦᠭᠡᠢ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠵᠤ᠂ ᠤᠰᠤ ᠣᠷᠭᠢᠯᠬᠤ᠂ ᠬᠠᠰᠢᠯᠭ᠎ᠠ ᠰᠡᠳᠡᠷᠡᠭᠦ ᠵᠡᠷᠭᠡ ᠬᠦᠨᠳᠦ ᠶᠡᠭᠡ ᠲᠦᠭᠰᠢᠭᠦᠷᠢᠲᠦ | ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠤᠯᠠᠨ | ᠲᠦᠮᠡᠨ ᠢ ᠵᠣᠬᠢᠰᠲᠠᠢ ᠲᠥᠪᠬᠢᠨᠡᠭᠦᠯᠵᠦ᠂ ᠡᠨᠡ ᠤᠳᠠᠭ᠎ᠠ ᠶᠢᠨ ᠭᠠᠮᠰᠢᠭ ᠤᠨ ᠬᠡᠪᠴᠢᠶ᠎ᠡ ᠥᠷᠭᠡᠨ᠂ ᠦᠶᠡᠷ ᠢ ᠲᠣᠭᠲᠠᠭᠠᠬᠤ ᠣᠷᠣᠨ ᠢ ᠡᠬᠢᠯᠡᠨ ᠬᠡᠷᠡᠭᠯᠡᠭᠰᠡᠨ ᠨᠢ | ᠤᠯᠠᠨ᠂ ᠰᠢᠯᠵᠢᠭᠦᠯᠦᠨ ᠲᠥᠪᠬᠢᠨᠡᠭᠦᠯᠦᠭᠰᠡᠨ ᠤᠯᠠᠨ ᠲᠦᠮᠡᠨ ᠨᠢ ᠤᠯᠠᠨ ᠪᠠᠶᠢᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠭᠠᠮᠰᠢᠭᠳᠠᠭᠰᠠᠨ ᠤᠯᠠᠨ | ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠣᠷᠴᠢᠨ ᠲᠣᠭᠤᠷᠢᠨ ᠢ ᠠᠷᠢᠭᠤᠳᠬᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ | ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ᠂ ᠭᠠᠮᠰᠢᠭᠳᠠᠭᠰᠠᠨ ᠣᠷᠣᠨ ᠤ | ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠵᠠᠮ | ᠬᠠᠷᠢᠯᠴᠠᠭ᠎ᠠ᠂ ᠴᠢᠮᠡᠭᠡ ᠬᠤᠯᠪᠤᠭ᠎ᠠ᠂ ᠴᠠᠭᠢᠯᠭᠠᠨ ᠬᠦᠴᠦ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠭᠤᠯᠤᠨ ᠰᠡᠯᠪᠢᠨ ᠵᠠᠰᠠᠵᠤ᠂ ᠭᠠᠮᠰᠢᠭ ᠲᠤ | ᠡᠪᠳᠡᠭᠳᠡᠭᠰᠡᠨ ᠲᠠᠷᠢᠶᠠᠨ ᠭᠠᠵᠠᠷ ᠪᠣᠯᠣᠨ ᠲᠠᠷᠢᠶᠠᠯᠠᠩ ᠤᠨ ᠲᠥᠬᠦᠭᠡᠷᠦᠮᠵᠢ ᠶᠢ ᠱᠠᠯᠠᠪᠳᠠᠭᠤᠯᠤᠨ ᠰᠡᠷᠭᠦᠭᠡᠨ ᠵᠠᠰᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠤᠨ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ | ᠲᠠᠷᠢᠶᠠᠴᠢᠳ ᠢ ᠵᠣᠬᠢᠶᠠᠨ ᠪᠠᠶᠢᠭᠤᠯᠵᠤ ᠢᠳᠡᠪᠬᠢᠲᠡᠢ ᠪᠠᠷ ᠨᠥᠬᠦᠨ ᠲᠠᠷᠢᠵᠤ ᠠᠪᠤᠷᠠᠨ ᠲᠤᠰᠠᠯᠠᠵᠤ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢ | ᠰᠡᠷᠭᠦᠭᠡᠨ ᠲᠠᠭᠢᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠭᠠᠮᠰᠢᠭᠳᠠᠭᠰᠠᠨ ᠰᠤᠷᠤᠬᠴᠢᠳ ᠤᠨ ᠴᠠᠭ ᠲᠠᠭᠠᠨ ᠰᠤᠷᠭᠠᠭᠤᠯᠢ ᠡᠬᠢᠯᠡᠵᠦ | ᠰᠤᠷᠭᠠᠭᠤᠯᠢ ᠳᠠᠭᠠᠨ ᠪᠤᠴᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠲᠤ ᠡᠪᠳᠡᠭᠳᠡᠭᠰᠡᠨ ᠭᠡᠷ ᠪᠠᠶᠢᠰᠢᠩ ᠢ ᠵᠠᠰᠠᠨ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ | ᠠᠵᠢᠯ ᠢ ᠦᠳᠲᠡᠷ ᠲᠦᠷᠭᠡᠨ ᠡᠬᠢᠯᠡᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠡᠪᠦᠯ ᠣᠷᠣᠬᠤ ᠠᠴᠠ ᠡᠮᠦᠨ᠎ᠡ ᠭᠡᠷ ᠲᠡᠭᠡᠨ ᠬᠠᠷᠢᠬᠤ ᠪᠤᠶᠤ ᠰᠢᠨ᠎ᠡ ᠣᠷᠣᠨ | ᠰᠠᠭᠤᠴᠠ ᠳᠤ ᠨᠡᠭᠦᠵᠦ ᠣᠷᠣᠬᠤ᠂ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠳᠡᠰ ᠳᠠᠷᠠᠭᠠᠯᠠᠯ ᠢ ᠰᠢᠯᠢᠳᠡᠭᠵᠢᠭᠦᠯᠦᠨ ᠳᠥᠭᠦᠮᠴᠢᠯᠡᠵᠦ᠂ ᠭᠠᠮᠰᠢᠭᠳᠠᠭᠰᠠᠨ ᠭᠠᠵᠠᠷ ᠣᠷᠣᠨ ᠳᠤ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠦᠵᠡᠭᠦᠯᠭᠦ ᠪᠠ ᠳᠠᠭᠠᠳᠬᠠᠯ ᠤᠨ ᠲᠥᠯᠥᠪᠦᠷᠢ ᠥᠭᠬᠦ ᠶᠢ ᠴᠢᠩᠭᠠᠳᠬᠠᠬᠤ ᠶᠢᠨ ᠬᠠᠮᠲᠤ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠮᠰᠢᠭᠳᠠᠭᠰᠠᠨ ᠣᠯᠠᠨ ᠲᠦᠮᠡᠨ ᠪᠠ ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠬᠦᠴᠢᠷ ᠢ | ᠳᠤᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠳ᠋ᠦᠩᠨᠡᠵᠦ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠮᠠᠨ ᠤ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠴᠢᠨᠠᠭᠰᠢᠳᠠ | ᠳᠡᠭᠡᠭᠰᠢᠯᠡᠭᠦᠯᠭᠦ ᠬᠡᠷᠡᠭᠲᠡᠢ᠃ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠰᠢᠰᠲ᠋ᠧᠮ ᠢ ᠴᠢᠨᠠᠭᠰᠢᠳᠠ ᠪᠠᠶᠢᠭᠤᠯᠤᠨ | ᠬᠦᠴᠦᠷᠬᠡᠭᠵᠢᠭᠦᠯᠵᠦ᠂ ᠲᠣᠬᠢᠷᠠᠭᠤᠯᠤᠨ ᠵᠢᠯᠤᠭᠤᠳᠬᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠲᠤᠬᠠᠶᠢᠯᠠᠭᠰᠠᠨ ᠠᠵᠢᠯ ᠤᠨ ᠪᠠᠲᠤᠯᠠᠭ᠎ᠠ ᠵᠡᠷᠭᠡ ᠲᠤᠨᠤᠭ | ᠲᠥᠬᠦᠭᠡᠷᠦᠮᠵᠢ ᠪᠠ ᠰᠢᠰᠲ᠋ᠧᠮ ᠢ ᠲᠡᠭᠦᠯᠳᠡᠷᠵᠢᠭᠦᠯᠦᠨ᠂ ᠳᠡᠭᠡᠳᠦ ᠳᠣᠣᠷᠠᠳᠤ ᠱᠠᠲᠤ ᠨᠡᠪᠲᠡᠷᠡᠯᠴᠡᠭᠰᠡᠨ᠂ ᠨᠢᠭᠡ ᠴᠣᠭᠴᠠᠵᠢᠭᠤᠯᠤᠨ ᠠᠷᠭᠠᠴᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠶᠢ ᠭᠦᠢᠴᠡᠳᠬᠡᠬᠦ ᠳᠤ ᠰᠠᠭᠤᠷᠢᠯᠠᠵᠤ᠂ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠬᠡᠷᠡᠭᠴᠡᠭᠡ ᠶᠢ ᠲᠤᠪᠤᠶᠢᠯᠭᠠᠵᠤ᠂ ᠣᠷᠣᠨ ᠪᠦᠰᠡ ᠶᠢᠨ ᠠᠪᠤᠷᠠᠨ ᠲᠤᠰᠠᠯᠠᠬᠤ ᠵᠢᠩᠬᠢᠨᠢ ᠪᠠᠶᠢᠯᠳᠤᠭᠠᠨ ᠤ | ᠴᠢᠳᠠᠪᠤᠷᠢ ᠶᠢ ᠲᠦᠷᠭᠡᠨ ᠪᠦᠷᠢᠯᠳᠦᠭᠦᠯᠬᠦ ᠬᠡᠷᠡᠭᠲᠡᠢ᠃ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ | ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ | ᠵᠢᠷᠤᠮᠵᠢᠭᠤᠯᠵᠤ᠂ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠪᠣᠯᠣᠨ ᠠᠶᠤᠯ ᠲᠦᠭᠰᠢᠭᠦᠷᠢ ᠶᠡᠬᠡᠲᠡᠢ ᠰᠢᠶᠠᠩ ᠪᠠᠯᠭᠠᠰᠤ᠂ ᠲᠣᠰᠬᠤᠨ | ᠳᠤᠭᠤᠶᠢᠯᠠᠩ ᠳᠤ ᠴᠢᠬᠤᠯᠠ ᠪᠦᠬᠦᠢ ᠲᠣᠨᠣᠭᠯᠠᠯ ᠲᠣᠬᠢᠷᠠᠭᠤᠯᠤᠨ ᠥᠭᠴᠦ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ᠃ ᠰᠠᠪᠠ ᠭᠠᠵᠠᠷ ᠢᠯᠠᠩᠭᠤᠶ᠎ᠠ ᠤᠮᠠᠷᠠᠲᠤ ᠣᠷᠣᠨ ᠤ ᠭᠤᠣᠯ ᠪᠤᠯᠬᠤ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ | ᠢᠨᠵᠧᠨᠧᠷᠢᠩ ᠤᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠦᠶᠡᠷ ᠢ ᠲᠣᠭᠲᠠᠭᠠᠬᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠪᠣᠯᠣᠨ | ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠪᠦᠬᠦ᠋ᠢᠯᠡ ᠴᠣᠭᠴᠠ ᠪᠠᠷ ᠨᠢ ᠳᠡᠭᠡᠭᠰᠢᠯᠡᠭᠦᠯᠭᠦ ᠬᠡᠷᠡᠭᠲᠡᠢ᠃ | ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢᠨ ᠲᠥᠯᠦᠪᠵᠢᠭᠦᠯᠭᠡ ᠪᠣᠯᠣᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ | ᠤᠰᠤ ᠵᠠᠯᠠᠬᠤ ᠬᠤᠭᠤᠯᠠᠢ ᠶᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠴᠢᠳᠠᠪᠤᠷᠢ ᠶᠢ ᠰᠢᠨᠡᠳᠬᠡᠨ ᠳᠡᠭᠡᠭᠰᠢᠯᠡᠭᠦᠯᠵᠦ᠂ ᠭᠤᠣᠯ ᠤᠨ ᠬᠡᠪᠡᠯᠢ ᠶᠢᠨ | ᠤᠰᠤᠲᠤᠯ ᠢ ᠵᠠᠯᠠᠬᠤ ᠢᠨᠵᠧᠨᠧᠷᠢᠩ ᠲᠠᠢ ᠪᠦᠲᠦᠮᠵᠢᠲᠡᠢ ᠵᠣᠯᠭᠠᠭᠤᠯᠵᠤ᠂ ᠬᠤᠳᠠ ᠶᠢᠨ ᠭᠤᠣᠯ ᠤᠰᠤ ᠵᠠᠯᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ | ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠭᠤᠣᠯ ᠤᠳᠤᠷᠢᠳᠬᠤ ᠺᠠᠳ᠋ᠷᠴᠤᠳ ᠡᠮᠦᠨ᠎ᠡ ᠹᠷᠣᠨᠲ ᠲᠤ ᠣᠴᠢᠵᠤ ᠵᠢᠯᠣᠭᠤᠳᠤᠨ᠂ ᠡᠯ᠎ᠡ ᠬᠠᠮᠢᠶ᠎ᠠ | ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠴᠤᠴᠠᠯᠲᠠ ᠦᠭᠡᠢ ᠤᠷᠤᠭᠰᠢᠯᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠠᠶᠢᠴᠢᠨ ᠪᠠᠬᠢᠯᠡᠯᠲᠡ ᠶᠢᠨ ᠦᠢᠯᠡᠳᠦᠯ ᠪᠠ | ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ | ᠹᠷᠣᠨᠲ ᠲᠤ ᠬᠦᠨᠳᠦ ᠡᠭᠦᠷᠭᠡ ᠶᠢ ᠡᠭᠦᠷᠭᠡᠯᠡᠵᠦ᠂ ᠬᠤᠰᠢᠭᠤᠴᠢ ᠪᠣᠯᠵᠤ᠂ ᠲᠦᠷᠦᠭᠦᠯᠡᠨ ᠠᠵᠢᠯᠯᠠᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠨᠠᠮ ᠤᠨ | ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠦᠶᠡᠷ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠤᠯᠤᠰ ᠲᠥᠷᠥ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | | | | |