ᠰᠢ ᠶᠢᠨ ᠫᠢᠩ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/8/25
      ᠰᠢᠨᠬᠤᠸᠠ ᠬᠤᠷᠢᠶ᠎ᠠ ᠶᠢᠨ ᠫᠷᠢᠲ᠋ᠤᠷᠢᠶ᠎ᠠ ᠶᠢᠨ 8 ᠰᠠᠷ᠎ᠠ ᠶᠢᠨ 22 ᠤᠨ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 22 ᠤᠨ ᠦᠳᠡ ᠶᠢᠨ ᠡᠮᠦᠨ᠎ᠡ᠂ ᠡᠮᠦᠨᠡᠲᠦ ᠠᠹᠷᠢᠺᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠤᠯᠤᠰ ᠤᠨ ᠲᠡᠷᠢᠭᠦᠯᠡᠭᠴᠢ ᠰᠢ ᠶᠢᠨ ᠫᠢᠩ ᠫᠷᠢᠲ᠋ᠤᠷᠢᠶ᠎ᠠ ᠶᠢᠨ ᠶᠡᠷᠦᠩᠬᠡᠶᠢᠯᠡᠭᠴᠢ ᠶᠢᠨ ᠣᠷᠳᠣᠨ ᠳᠤ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠭᠠᠷ ᠬᠤᠯᠪᠣᠨ ᠠᠬᠢᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ᠃
6382840098887029326348557.png
      ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 22 ᠤᠨ ᠦᠳᠡ ᠶᠢᠨ ᠡᠮᠦᠨ᠎ᠡ᠂ ᠡᠮᠦᠨᠡᠲᠦ ᠠᠹᠷᠢᠺᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠤᠯᠤᠰ ᠤᠨ ᠲᠡᠷᠢᠭᠦᠯᠡᠭᠴᠢ ᠰᠢ ᠶᠢᠨ ᠫᠢᠩ ᠫᠷᠢᠲ᠋ᠤᠷᠢᠶ᠎ᠠ ᠶᠢᠨ ᠶᠡᠷᠦᠩᠬᠡᠶᠢᠯᠡᠭᠴᠢ ᠶᠢᠨ ᠣᠷᠳᠣᠨ ᠳᠤ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ ᠠᠴᠠ ᠡᠮᠦᠨ᠎ᠡ ᠯᠠᠮᠠᠹᠦ᠋ᠰᠠ ᠶᠡᠷᠦᠩᠬᠡᠶᠢᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠰᠢ ᠶᠢᠨ ᠫᠢᠩ ᠢ ᠤᠭᠲᠤᠬᠤ ᠶᠣᠰᠣᠯᠠᠯ ᠶᠠᠪᠤᠭᠤᠯᠪᠠ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ
6382840101240154454637943.png
      ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 22 ᠤᠨ ᠦᠳᠡ ᠶᠢᠨ ᠡᠮᠦᠨ᠎ᠡ᠂ ᠡᠮᠦᠨᠡᠲᠦ ᠠᠹᠷᠢᠺᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠤᠯᠤᠰ ᠤᠨ ᠲᠡᠷᠢᠭᠦᠯᠡᠭᠴᠢ ᠰᠢ ᠶᠢᠨ ᠫᠢᠩ ᠫᠷᠢᠲ᠋ᠤᠷᠢᠶ᠎ᠠ ᠶᠢᠨ ᠶᠡᠷᠦᠩᠬᠡᠶᠢᠯᠡᠭᠴᠢ ᠶᠢᠨ ᠣᠷᠳᠣᠨ ᠳᠤ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ᠃ ᠲᠤᠰ ᠡᠳᠦᠷ ᠤᠨ ᠦᠳᠡ ᠳᠤ ᠯᠠᠮᠠᠹᠦ᠋ᠰᠠ ᠶᠡᠷᠦᠩᠬᠡᠶᠢᠯᠡᠭᠴᠢ ᠶᠢᠨ ᠣᠷᠳᠣᠨ ᠳᠤ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ ᠵᠢᠷᠤᠭ ᠪᠣᠯ ᠳᠠᠶᠢᠯᠠᠯᠭ᠎ᠠ ᠠᠴᠠ ᠡᠮᠦᠨ᠎ᠡ ᠰᠢ ᠶᠢᠨ ᠫᠢᠩ ᠪᠣᠯᠣᠨ ᠯᠠᠮᠠᠹᠦ᠋ᠰᠠ ᠭᠠᠷ ᠠᠳᠬᠤᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ      8 ᠰᠠᠷ᠎ᠠ ᠶᠢᠨ ᠫᠷᠢᠲ᠋ᠣᠷᠢᠶ᠎ᠠ᠂ ᠣᠭᠲᠠᠷᠭᠤᠢ ᠨᠢ ᠴᠡᠯᠮᠡᠭ ᠰᠠᠯᠬᠢᠨ ᠨᠢ ᠡᠶᠡᠪᠡᠷᠭᠦᠦ᠃ ᠶᠡᠷᠦᠩᠬᠡᠶᠢᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠰᠣᠷᠭᠤᠭ ᠴᠡᠴᠡᠭ ᠪᠠᠳᠠᠷᠠᠨ ᠳᠡᠯᠭᠡᠷᠡᠵᠦ᠂ ᠳᠤᠮᠳᠠᠳᠤ ᠡᠮᠦᠨᠡᠲᠦ ᠠᠹᠷᠢᠺᠠ ᠬᠤᠶᠠᠷ ᠤᠯᠤᠰ ᠤᠨ ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃ ᠶᠡᠷᠦᠩᠬᠡᠶᠢᠯᠡᠭᠴᠢ ᠶᠢᠨ ᠮᠣᠲ᠋ᠣᠷ ᠲᠡᠷᠭᠡᠨ ᠤ ᠠᠩᠭᠢ ᠶᠢᠨ ᠬᠠᠮᠠᠭᠠᠯᠠᠯ ᠳᠣᠣᠷ᠎ᠠ ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠶᠢᠯᠡᠭᠴᠢ ᠶᠢᠨ ᠣᠷᠳᠣᠨ ᠳᠤ ᠬᠦᠷᠴᠦ᠂ ᠯᠠᠮᠠᠹᠦ᠋ᠰᠠ ᠲᠡᠷᠭᠡᠨ  ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠪᠠ᠃ ᠶᠣᠰᠣᠯᠠᠯ ᠤᠨ ᠠᠩᠭᠢ ᠫᠤᠤ ᠠᠳᠬᠤᠨ ᠶᠣᠰᠣ ᠭᠦᠢᠴᠡᠳᠬᠡᠵᠦ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠡᠮᠦᠨᠡᠲᠦ ᠠᠹᠷᠢᠺᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠤᠬᠠᠢ ᠶᠢᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠰᠢ ᠶᠢᠨ ᠫᠢᠩ ᠡᠮᠦᠨᠡᠲᠦ ᠠᠹᠷᠢᠺᠠ ᠶᠢᠨ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠠᠷ᠎ᠠ ᠪᠣᠯᠣᠭᠰᠠᠳ ᠲᠠᠢ ᠨᠢᠭᠡᠳ ᠨᠢᠭᠡ ᠪᠠᠷ ᠭᠠᠷ ᠠᠳᠬᠤᠪᠠ᠃      ᠤᠭᠲᠤᠬᠤ ᠶᠣᠰᠣᠯᠠᠯ ᠤᠨ ᠳᠠᠷᠠᠭ᠎ᠠ ᠬᠤᠶᠠᠷ ᠤᠯᠤᠰ ᠤᠨ ᠲᠡᠷᠢᠭᠦᠨ ᠬᠡᠯᠡᠯᠴᠡᠭᠡ ᠬᠢᠪᠡ᠃      ᠰᠢ ᠶᠢᠨ ᠫᠢᠩ᠂ ᠪᠢ ᠳᠥᠷᠪᠡᠳᠡᠬᠢ ᠤᠳᠠᠭ᠎ᠠ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠡᠮᠦᠨᠡᠲᠦ ᠠᠹᠷᠢᠺᠠ ᠳᠤ ᠠᠶᠢᠯᠴᠢᠯᠠᠵᠤ ᠪᠠᠶᠢᠨ᠎ᠠ᠃ 10 ᠵᠢᠯ ᠤᠨ ᠲᠤᠷᠰᠢ ᠪᠢ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢᠨ ᠥᠷᠨᠢᠩᠭᠦᠢ ᠬᠥᠭᠵᠢᠯᠲᠡ ᠶᠢ ᠪᠡᠶ᠎ᠡ ᠪᠠᠷ ᠢᠶᠠᠨ ᠥᠩᠭᠡᠷᠡᠭᠦᠯᠪᠡ᠃ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠠᠷᠢᠯᠴᠠᠭ᠎ᠠ ᠰᠠᠶᠢᠨ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠨᠥᠬᠦᠷᠯᠡᠯ ᠭᠦᠨ ᠵᠤᠵᠠᠭᠠᠨ ᠪᠠᠶᠢᠬᠤ ᠶᠢᠨ ᠵᠠᠩᠭᠢᠯᠠᠭ᠎ᠠ ᠨᠢ ᠬᠤᠶᠠᠷ ᠤᠯᠤᠰ ᠬᠤᠶᠠᠷ ᠨᠠᠮ ᠥᠪᠡᠷ ᠥᠪᠡᠷ ᠤᠨ ᠬᠥᠭᠵᠢᠯᠲᠡ ᠶᠢᠨ ᠵᠠᠮ ᠳᠠᠭᠠᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠭᠦᠨ ᠵᠤᠵᠠᠭᠠᠨ ᠨᠥᠬᠦᠷᠯᠡᠯ ᠢ ᠪᠠᠶᠢᠭᠤᠯᠤᠭᠰᠠᠨ ᠳᠤ ᠪᠠᠶᠢᠨ᠎ᠠ᠃ ᠣᠳᠣᠬᠠᠨ ᠳᠤ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠡᠮᠦᠨᠡᠲᠦ ᠠᠹᠷᠢᠺᠠ ᠶᠠᠭ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠶᠢᠨ ᠬᠢᠨ ᠲᠠᠢ ᠬᠠᠮᠲᠤ ᠪᠠᠷ ᠨᠥᠬᠦᠷᠯᠡᠯ ᠢᠶᠠᠨ ᠤᠯᠠᠮᠵᠢᠯᠠᠨ ᠵᠠᠯᠭᠠᠮᠵᠢᠯᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠬᠠᠮᠵᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠭᠠᠷ ᠬᠤᠯᠪᠣᠨ ᠥᠨᠳᠥᠷ ᠲᠦᠪᠰᠢᠨ ᠪᠦᠬᠦᠢ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ ᠡᠭᠦᠨ ᠤ ᠲᠤᠬᠠᠢ ᠳᠣᠣᠷᠠᠬᠢ ᠮᠡᠲᠦ ᠰᠠᠨᠠᠭᠤᠯᠭ᠎ᠠ ᠳᠤᠷᠠᠳᠪᠠ᠃      ᠨᠢᠭᠡᠳᠦᠭᠡᠷ ᠲᠤ᠂ ᠳᠤᠮᠳᠠᠳᠤ ᠤᠯᠤᠰ ᠡᠮᠦᠨᠡᠲᠦ ᠠᠹᠷᠢᠺᠠ ᠳᠡᠭᠡᠳᠦ ᠬᠡᠮᠵᠢᠶ᠎ᠡ ᠪᠠᠷ ᠢᠲᠡᠭᠡᠯᠴᠡᠭᠰᠡᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠶ᠎ᠠ᠃ ︽ᠨᠥᠬᠦᠷ ᠪᠥᠭᠡᠳ ᠠᠬ᠎ᠠ ᠳᠡᠭᠦᠦ︾ ᠪᠣᠯ ᠳᠤᠮᠳᠠᠳᠤ ᠤᠯᠤᠰ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢᠨ ᠣᠣᠷ ᠴᠢᠨᠠᠷ ᠪᠣᠯᠣᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠴᠡᠷᠢᠭ ᠠᠩᠭᠢ᠂ ᠣᠷᠣᠨ ᠨᠤᠲᠤᠭ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠶ᠎ᠠ᠃ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠯᠤᠭ᠎ᠠ ᠨᠠᠮ ᠤᠨ ᠬᠤᠭᠤᠷᠣᠨᠳᠣᠭᠢ ᠰᠣᠯᠢᠯᠴᠠᠭ᠎ᠠ ᠪᠣᠯᠣᠨ ᠪᠣᠯᠪᠠᠰᠤᠷᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠮᠦᠨᠡᠲᠦ ᠠᠹᠷᠢᠺᠠ ᠶᠢᠨ ᠠᠹᠷᠢᠺᠠᠴᠤᠳ ᠤᠨ ᠤᠯᠤᠰ ᠠᠷᠠᠳ ᠤᠨ ᠶᠡᠭᠡ ᠬᠤᠷᠠᠯ ᠤᠨ ᠠᠹᠷᠢᠺᠠ ᠲᠢᠪ ᠤᠨ ᠤᠳᠤᠷᠢᠳᠬᠤ ᠬᠦᠴᠦᠨ ᠤ ᠳᠡᠭᠡᠳᠦ ᠰᠤᠷᠭᠠᠭᠤᠯᠢ ᠶᠢ ᠪᠠᠶᠢᠭᠤᠯᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃      ᠬᠤᠶᠠᠳᠤᠭᠠᠷ ᠲᠤ᠂ ᠳᠤᠮᠳᠠᠳᠤ ᠤᠯᠤᠰ ᠡᠮᠦᠨᠡᠲᠦ ᠠᠹᠷᠢᠺᠠ ᠬᠠᠮᠲᠤ ᠪᠠᠷ ᠲᠠᠪᠰᠢᠬᠤ ᠬᠥᠭᠵᠢᠯᠲᠡ ᠶᠢᠨ ᠬᠠᠨᠢᠲᠠᠨ ᠪᠣᠯᠣᠶ᠎ᠠ᠃ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯ ᠳᠤᠮᠳᠠᠳᠤ ᠤᠯᠤᠰ ᠡᠮᠦᠨᠡᠲᠦ ᠠᠹᠷᠢᠺᠠ ᠶᠢᠨ ᠬᠠᠮᠲᠤᠷᠠᠯᠴᠠᠭᠠᠨ ᠤ ᠢᠯᠡ ᠲᠣᠳᠣ ᠳᠡᠪᠢᠰᠬᠡᠷ ᠥᠩᠭᠡ ᠮᠥᠨ᠃ ᠬᠤᠶᠠᠷ ᠲᠠᠯ᠎ᠠ ᠪᠠᠷ  ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ︽ᠶᠢᠰᠦᠨ ᠵᠦᠢᠯ ᠤᠨ ᠢᠨᠵᠧᠨᠧᠷᠢᠩ︾ ᠪᠣᠯᠣᠨ ︽ᠳᠤᠮᠳᠠᠳᠤ ᠤᠯᠤᠰ ᠡᠮᠦᠨᠡᠲᠦ ᠠᠹᠷᠢᠺᠠ ᠶᠢᠨ ᠠᠷᠪᠠᠨ ᠵᠢᠯ ᠤᠨ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ︾ ᠪᠠᠷ ᠭᠤᠣᠯ ᠰᠢᠵᠢᠮ ᠪᠤᠯᠭᠠᠵᠤ᠂ ᠳᠠᠪᠠᠭᠤᠯᠢᠭ ᠬᠦᠷᠢᠶᠡᠨ ᠳᠠᠬᠢ ᠬᠠᠮᠲᠤᠷᠠᠯᠴᠠᠭ᠎ᠠ ᠪᠠᠨ ᠪᠠᠬᠢᠵᠢᠭᠦᠯᠵᠦ᠂ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠶ᠎ᠠ᠃ ᠳᠤᠮᠳᠠᠳᠤ ᠤᠯᠤᠰ ᠡᠮᠦᠨᠡᠲᠦ ᠠᠹᠷᠢᠺᠠ ᠶᠢᠨ ᠦᠢᠯᠡᠳᠬᠦᠨ ᠢ ᠣᠷᠣᠭᠤᠯᠬᠤ ᠪᠠᠨ ᠥᠷᠭᠡᠳᠬᠡᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠡᠮᠦᠨᠡᠲᠦ ᠠᠹᠷᠢᠺᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠵᠦ ᠲᠠᠷᠢᠶᠠᠴᠢᠳ ᠲᠤ ᠠᠰᠢᠭ ᠬᠦᠷᠲᠡᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠯᠤᠭ᠎ᠠ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠮᠦᠨᠡᠲᠦ ᠠᠹᠷᠢᠺᠠ ᠶᠢ ᠬᠠᠪᠰᠤᠷᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠢᠱᠢᠶ᠎ᠡ ᠦᠵᠡᠭᠦᠯᠭᠦ ᠲᠣᠰᠬᠤᠨ ᠤ ᠲᠦᠷᠦᠯ ᠵᠦᠢᠯ ᠢ ᠬᠡᠷᠡᠭᠵᠢᠭᠦᠯᠦᠨ᠎ᠡ᠃      ᠭᠤᠷᠪᠠᠳᠤᠭᠠᠷ ᠲᠤ᠂ ᠳᠤᠮᠳᠠᠳᠤ ᠤᠯᠤᠰ ᠡᠮᠦᠨᠡᠲᠦ ᠠᠹᠷᠢᠺᠠ ᠬᠠᠷᠢᠯᠴᠠᠨ ᠣᠶᠢᠯᠠᠭᠠᠯᠴᠠᠭᠰᠠᠨ ᠳᠣᠲᠣᠨᠣ ᠨᠥᠭᠦᠷᠰᠡᠭ ᠬᠠᠨᠢᠲᠠᠨ ᠪᠣᠯᠣᠶ᠎ᠠ᠃ ᠠᠷᠠᠳ ᠤᠨ ᠰᠡᠳᠬᠢᠯ ᠤᠨ ᠨᠡᠪᠲᠡᠷᠡᠯᠴᠡᠭᠡ ᠪᠣᠯ ᠬᠤᠶᠠᠷ ᠤᠯᠤᠰ ᠤᠨ ᠨᠥᠬᠦᠷᠯᠡᠯ ᠤᠨ ᠠᠮᠢᠳᠤᠯᠢᠭ ᠢᠯᠡᠷᠡᠯ ᠮᠥᠨ᠃ ᠳᠤᠮᠳᠠᠳᠤ ᠤᠯᠤᠰ ᠳᠤᠷᠠᠲᠠᠶ᠎ᠠ ᠳᠤᠮᠳᠠᠳᠤ ᠤᠯᠤᠰ ᠡᠮᠦᠨᠡᠲᠦ ᠠᠹᠷᠢᠺᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠤᠭ᠎ᠠ᠂ ︽ᠢᠷᠡᠭᠡᠳᠦᠢ ᠶᠢᠨ ᠠᠹᠷᠢᠺᠠ ᠲᠢᠪ - ᠳᠤᠮᠳᠠᠳᠤ ᠠᠹᠷᠢᠺᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠥᠯᠥᠪᠯᠡᠭᠡ︾ ᠵᠡᠷᠭᠡ ᠲᠣᠭᠲᠠᠴᠠ ᠶᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠵᠠᠯᠠᠭᠤᠴᠤᠳ ᠤᠨ ᠠᠵᠢᠯ ᠣᠯᠭᠤᠯᠲᠠ ᠶᠢᠨ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠡᠮᠦᠨᠡᠲᠦ ᠠᠹᠷᠢᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠴᠢᠮ ᠬᠡᠷᠡᠭᠰᠡᠬᠦ ᠡᠯ᠎ᠡ ᠲᠦᠷᠦᠯ ᠤᠨ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠤᠨ ᠮᠡᠷᠭᠡᠵᠢᠯ ᠤᠨ ᠬᠠᠮᠲᠤᠷᠠᠯᠴᠠᠭ᠎ᠠ ᠪᠣᠯᠣᠨ ᠬᠠᠮᠲᠤᠷᠠᠭᠰᠠᠨ ᠰᠤᠳᠤᠯᠭᠠᠨ ᠢ ᠴᠢᠩᠭᠠᠳᠬᠠᠬᠤ ᠶᠢ ᠳᠡᠮᠵᠢᠵᠦ᠂ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠷ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠠᠰᠢᠭ ᠬᠦᠷᠲᠡᠭᠡᠶ᠎ᠡ᠃      ᠳᠥᠷᠪᠡᠳᠦᠭᠡᠷ ᠲᠤ᠂ ᠳᠤᠮᠳᠠᠳᠤ ᠤᠯᠤᠰ ᠡᠮᠦᠨᠡᠲᠦ ᠠᠹᠷᠢᠺᠠ ᠰᠢᠳᠤᠷᠭᠤ ᠶᠣᠰᠣ ᠶᠢ ᠬᠠᠮᠠᠭᠠᠯᠠᠬᠤ ᠪᠦᠭᠦ ᠪᠥᠮᠪᠥᠷᠴᠡᠭ ᠤᠨ ᠬᠠᠨᠢᠲᠠᠨ ᠪᠣᠯᠣᠶ᠎ᠠ᠃ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠪᠢᠳᠡᠨ ᠤ ᠬᠠᠮᠲᠤ ᠪᠠᠷ ᠢᠶᠠᠨ ᠪᠠᠷᠢᠮᠲᠠᠯᠠᠬᠤ ᠵᠠᠷᠴᠢᠮ ᠮᠥᠨ᠃ ᠡᠮᠦᠨᠡᠲᠦ ᠠᠹᠷᠢᠺᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠶᠢ ᠳᠤᠮᠳᠠᠳᠤ ᠤᠯᠤᠰ ᠳᠡᠮᠵᠢᠵᠦ᠂ ᠳᠤᠷᠠᠲᠠᠶ᠎ᠠ ᠡᠮᠦᠨᠡᠲᠦ ᠠᠹᠷᠢᠺᠠ ᠵᠡᠷᠭᠡ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠵᠡᠷᠭᠡ ᠠᠰᠠᠭᠤᠳᠠᠯ ᠤᠨ ᠲᠠᠯ᠎ᠠ ᠪᠠᠷ ᠬᠠᠮᠵᠢᠯᠴᠠᠬᠤ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠪᠠ ᠬᠥᠭᠵᠢᠯᠲᠡ ᠶᠢᠨ ᠣᠷᠣᠨ ᠵᠠᠢ ᠶᠢ ᠬᠠᠮᠠᠭᠠᠯᠠᠨ᠎ᠠ᠃      ᠰᠢ ᠶᠢᠨ ᠫᠢᠩ᠂ ᠣᠶᠢᠷ᠎ᠠ ᠶᠢᠨ ᠵᠢᠯ ᠠᠴᠠ ᠠᠯᠳᠠᠨ ᠲᠣᠭᠤᠰᠭ᠋᠎ᠠ ᠤᠯᠤᠰ ᠤᠳ ᠨᠡᠭᠡᠭᠡᠯᠲᠡᠲᠡᠢ ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠰᠣᠶᠣᠯ᠂ ᠠᠳᠠᠯᠢ ᠪᠤᠰᠤ ᠭᠠᠵᠠᠷ ᠣᠷᠣᠨ ᠤ ᠤᠯᠤᠰ ᠤᠳ ᠭᠠᠷ ᠬᠤᠯᠪᠣᠨ ᠬᠥᠭᠵᠢᠭᠰᠡᠨ ᠭᠤᠶᠢᠳᠠ ᠰᠠᠶᠢᠬᠠᠨ ᠦᠯᠢᠭᠡᠷ ᠢ ᠪᠢᠴᠢᠭᠯᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠠᠯᠳᠠᠨ ᠦᠰᠦᠭᠲᠦ ᠫᠠᠶᠢᠰᠠ ᠪᠣᠯᠵᠠᠢ᠃ ᠡᠮᠦᠨᠡᠲᠦ ᠠᠹᠷᠢᠺᠠ ᠡᠨᠡ ᠤᠳᠠᠭ᠎ᠠ ᠶᠢᠨ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠳᠤ ᠨᠠᠷᠢᠨ ᠨᠢᠮᠪᠠᠢ ᠪᠡᠯᠡᠳᠬᠡᠯ ᠬᠢᠭᠰᠡᠨ ᠢ ᠪᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠪᠢ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠰᠢᠨ᠎ᠡ ᠴᠠᠭ ᠦᠶ᠎ᠡ ᠶᠢᠨ ᠠᠯᠳᠠᠨ ᠲᠣᠭᠤᠰᠭ᠋᠎ᠠ ᠤᠯᠤᠰ ᠤᠳ ᠤᠨ ᠪᠦᠯᠬᠦᠮᠳᠡᠯ ᠬᠥᠭᠵᠢᠯᠲᠡ ᠶᠢᠨ ᠶᠡᠭᠡ ᠪᠣᠳᠣᠯᠭ᠎ᠠ ᠶᠢ ᠵᠥᠪᠳᠡᠯᠴᠡᠵᠦ᠂ ᠠᠭᠤᠯᠵᠠᠯᠲᠠ ᠶᠢᠨ ᠦᠯᠡᠮᠵᠢ ᠦᠷ᠎ᠡ ᠪᠦᠲᠦᠭᠡᠯ ᠣᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠠᠹᠷᠢᠺᠠ ᠲᠢᠪ ᠪᠣᠯ ᠶᠡᠷᠦ ᠠᠴᠠ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠃ ᠦᠢᠮᠡᠭᠡᠨ ᠰᠠᠮᠠᠭᠤᠨ ᠬᠤᠪᠢᠷᠠᠯᠲᠠ ᠶᠡᠬᠡᠲᠡᠢ ᠳᠡᠯᠡᠬᠡᠢ ᠶᠢᠷᠲᠢᠨᠴᠦ ᠳᠤ ᠬᠠᠨᠳᠤᠵᠤ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠡᠷᠡᠰ ᠳᠡᠮᠵᠢᠵᠦ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠤᠷᠢᠨ ᠤᠯᠤᠰ ᠤᠨ ᠪᠦᠯᠦᠭᠯᠡᠯ ᠳᠤ ᠣᠷᠤᠯᠴᠠᠬᠤ ᠶᠢ ᠡᠷᠡᠰ ᠳᠡᠮᠵᠢᠵᠦ᠂ ᠠᠹᠷᠢᠺᠠ ᠲᠢᠪ ᠤᠨ ᠠᠵᠤ ᠦᠢᠯᠡᠳᠪᠦᠷᠢᠵᠢᠯᠲᠡ ᠪᠣᠯᠣᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠢ ᠡᠷᠡᠰ ᠳᠡᠮᠵᠢᠨ᠎ᠠ᠃ ᠪᠢ ᠲᠠᠨ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠤᠳᠤᠷᠢᠳᠬᠤ ᠬᠥᠮᠥᠰ ᠤᠨ ᠶᠠᠷᠢᠯᠴᠠᠭᠠᠨ ᠤ ᠬᠤᠷᠠᠯ ᠢ ᠡᠷᠭᠢᠯᠡᠵᠦ᠂ ᠬᠤᠷᠠᠯ ᠳᠤ ᠣᠷᠣᠯᠴᠠᠬᠰᠠᠨ ᠠᠹᠷᠢᠺᠠ ᠲᠢᠪ ᠤᠨ ᠪᠤᠰᠤᠳ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠲᠤᠷᠠᠯᠴᠠᠭᠠᠨ ᠤ ᠰᠢᠨ᠎ᠡ ᠵᠢᠷᠤᠭ ᠲᠥᠰᠥᠪ ᠢ ᠵᠢᠷᠤᠭᠯᠠᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠯᠠᠮᠠᠹᠦ᠋ᠰᠠ᠂ ᠲᠡᠷᠢᠭᠦᠯᠡᠭᠴᠢ ᠰᠢ ᠶᠢᠨ ᠫᠢᠩ ᠤᠨ ᠳᠥᠷᠪᠡᠳᠡᠬᠢ ᠤᠳᠠᠭ᠎ᠠ ᠡᠮᠦᠨᠡᠲᠦ ᠠᠹᠷᠢᠺᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠭᠥᠯᠢᠶᠡᠨ ᠠᠪᠤᠭᠰᠠᠨ ᠨᠢ ᠮᠠᠰᠢ ᠠᠵᠠ ᠲᠠᠢ ᠰᠠᠨᠠᠭᠳᠠᠵᠤ ᠪᠠᠶᠢᠨ᠎ᠠ᠃ ᠳᠤᠮᠳᠠᠳᠤ ᠤᠯᠤᠰ ᠡᠮᠦᠨᠡᠲᠦ ᠠᠹᠷᠢᠺᠠ ᠶᠢᠨ ᠦᠨᠳᠦᠰᠦᠲᠡᠨ ᠤ ᠲᠤᠰᠠᠭᠠᠷ ᠲᠣᠭᠲᠠᠨᠢᠯ ᠴᠢᠯᠦᠭᠡᠯᠡᠯᠲᠡ ᠪᠠᠨ ᠲᠡᠮᠡᠴᠡᠨ ᠣᠯᠬᠤ᠂ ᠤᠯᠤᠰ ᠤᠨ ᠬᠥᠭᠵᠢᠯᠲᠡ ᠶᠢ ᠪᠡᠶᠡᠯᠡᠭᠦᠯᠬᠦ ᠶᠠᠪᠤᠴᠠ ᠳᠤ ᠡᠮᠦᠨᠡᠲᠦ ᠠᠹᠷᠢᠺᠠ ᠳᠤ ᠡᠷᠬᠢᠮ ᠨᠠᠨᠳᠢᠨ ᠳᠡᠮᠵᠢᠯᠭᠡ ᠦᠵᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡᠰᠢᠶᠡᠯ ᠲᠠᠢ ᠴᠠᠭ ᠮᠥᠴᠡ ᠳᠤ ᠨᠠᠨᠳᠢᠨ ᠲᠤᠰᠠᠯᠠᠮᠵᠢ ᠬᠦᠷᠭᠡᠪᠡ᠂ ᠡᠮᠦᠨᠡᠲᠦ ᠠᠹᠷᠢᠺᠠ ᠶᠢᠨ ᠴᠢᠩ ᠦᠨᠡᠨᠴᠢ ᠠᠬ᠎ᠠ ᠳᠡᠭᠦᠦ᠂ ᠨᠠᠶᠢᠵᠠ ᠪᠠ ᠬᠠᠨᠢᠲᠠᠨ ᠮᠥᠨ᠃ ᠡᠮᠦᠨᠡᠲᠦ ᠠᠹᠷᠢᠺᠠ ᠳᠤᠮᠳᠠᠳᠤ ᠬᠤᠶᠠᠷ ᠤᠯᠤᠰ ᠴᠥᠮ ᠥᠪᠡᠷ ᠥᠪᠡᠷ ᠤᠨ ᠤᠯᠤᠰ ᠤᠨ ᠢᠶᠠᠨ ᠬᠥᠭᠵᠢᠯ ᠴᠡᠴᠡᠭᠯᠡᠯ ᠢ ᠬᠥᠭᠡᠭᠡᠴᠡᠯᠳᠦᠵᠦ᠂ ᠮᠠᠰᠢ ᠤᠯᠠᠨ ᠴᠢᠬᠤᠯᠠ ᠶᠡᠭᠡ ᠳᠡᠯᠡᠬᠡᠢ ᠶᠢᠨ ᠬᠡᠷᠡᠭ ᠶᠠᠪᠤᠳᠠᠯ ᠳᠡᠭᠡᠷ᠎ᠡ ᠠᠳᠠᠯᠢ ᠪᠤᠶᠤ ᠠᠳᠠᠯᠢᠪᠲᠤᠷ ᠵᠣᠭᠰᠣᠯᠲᠠ ᠲᠠᠢ ᠪᠠᠶᠢᠳᠠᠭ᠃ ᠬᠠᠷᠢᠯᠴᠠᠭ᠎ᠠ ᠪᠠᠶᠢᠭᠤᠯᠤᠭᠰᠠᠨ 25 ᠵᠢᠯ ᠤᠨ ᠲᠤᠷᠰᠢ ᠡᠮᠦᠨᠡᠲᠦ ᠠᠹᠷᠢᠺᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠥᠷᠨᠢᠭᠦᠨ ᠬᠥᠭᠵᠢᠵᠦ᠂ ᠡᠯ᠎ᠡ ᠳᠠᠪᠬᠤᠷᠭ᠎ᠠ ᠶᠢᠨ ᠶᠠᠪᠤᠯᠴᠠᠭ᠎ᠠ ᠨᠢᠭᠲᠠᠷᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠳᠤᠮᠳᠠᠳᠤ ᠤᠯᠤᠰ ᠤᠨ ᠪᠡᠯᠡ ᠣᠷᠣᠭᠤᠯᠤᠯᠲᠠ ᠪᠠ ᠬᠠᠮᠲᠤᠷᠠᠯᠴᠠᠭ᠎ᠠ ᠨᠢ ᠡᠮᠦᠨᠡᠲᠦ ᠠᠹᠷᠢᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠲᠡᠢ ᠠᠬᠢᠭᠤᠯᠵᠤ᠂ ᠠᠹᠷᠢᠺᠠ ᠲᠢᠪ ᠤᠨ ᠤᠯᠤᠰ ᠤᠳ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯ ᠴᠡᠴᠡᠭᠯᠡᠯ ᠢ ᠠᠬᠢᠭᠤᠯᠬᠤ ᠳᠤ ᠲᠦᠢᠯ ᠤᠨ ᠴᠢᠬᠤᠯᠠ ᠦᠢᠯᠡᠳᠦᠯ ᠦᠵᠡᠭᠦᠯᠪᠡ᠃ ᠡᠮᠦᠨᠡᠲᠦ ᠠᠹᠷᠢᠺᠠ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠬᠥᠭᠵᠢᠯᠲᠡ ᠶᠢᠨ ᠯᠤᠲᠤ ᠶᠡᠭᠡ ᠠᠮᠵᠢᠯᠲᠠ ᠪᠦᠲᠦᠮᠵᠢ ᠣᠯᠣᠭᠰᠠᠨ ᠢ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠮ ᠤᠨ ᠬᠤᠭᠤᠷᠣᠨᠳᠣᠭᠢ ᠶᠠᠪᠤᠯᠴᠠᠭ᠎ᠠ ᠪᠠᠨ ᠨᠢᠭᠲᠠᠷᠠᠭᠤᠯᠵᠤ᠂ ᠨᠠᠮ ᠢ ᠵᠠᠰᠠᠵᠤ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠤᠷᠰᠢᠯᠲᠠ ᠶᠢᠨ ᠴᠡᠭ ᠤᠨ ᠬᠠᠮᠲᠤᠷᠠᠯᠴᠠᠭ᠎ᠠ ᠥᠷᠨᠢᠭᠦᠯᠵᠦ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠦᠢᠯᠡᠳᠬᠦ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠨ᠎ᠡ᠂ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠡᠮᠦᠨᠡᠲᠦ ᠠᠹᠷᠢᠺᠠ ᠳᠤ ᠢᠷᠡᠵᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ᠃      ᠯᠠᠮᠠᠹᠦ᠋ᠰᠠ᠂ ᠣᠳᠣᠬᠠᠨ ᠤ ᠳᠡᠯᠡᠬᠡᠢ ᠶᠢᠷᠲᠢᠨᠴᠦ ᠭᠠᠵᠠᠷ ᠣᠷᠣᠨ ᠤ ᠤᠯᠤᠰ ᠲᠦᠷᠦ᠂ ᠡᠨᠧᠷᠭᠢ ᠶᠢᠨ ᠬᠢᠮᠤᠷᠠᠯ ᠵᠡᠷᠭᠡ ᠤᠯᠠᠨ ᠵᠦᠢᠯ ᠤᠨ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠪᠢ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠯᠲᠠ ᠶᠢ ᠪᠦᠷᠢᠮᠦᠰᠦᠨ ᠵᠥᠪᠰᠢᠶᠡᠷᠡᠨ᠎ᠡ᠃ ᠡᠮᠦᠨᠡᠲᠦ ᠠᠹᠷᠢᠺᠠ ᠪᠣᠯᠣᠨ ᠪᠤᠰᠤᠳ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠴᠥᠮ ᠳᠤᠮᠳᠠᠳᠤ ᠤᠯᠤᠰ ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠷᠢᠰᠦᠯᠳᠦᠭᠡᠨ ᠢ ᠨᠡᠩ ᠰᠠᠶᠢᠲᠤᠷ ᠬᠠᠮᠲᠤ ᠪᠠᠷ ᠠᠷᠭᠠᠴᠠᠭᠠᠵᠤ᠂ ᠨᠡᠩ ᠡᠷᠬᠡ ᠲᠡᠭᠰᠢ᠂ ᠲᠥᠪ ᠭᠤᠣᠯᠴᠢ᠂ ᠵᠦᠢ ᠵᠣᠬᠢᠰᠲᠠᠢ ᠤᠯᠠᠨ ᠤᠯᠤᠰ ᠤᠨ ᠡᠮᠬᠢ ᠳᠢᠭᠯᠢᠮ ᠢ ᠪᠠᠶᠢᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠡᠮᠦᠨᠡᠲᠦ ᠠᠹᠷᠢᠺᠠ ᠶᠢᠨ ᠠᠯᠲᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠶᠢ ᠠᠮᠵᠢᠯᠲᠠ ᠲᠠᠢ ᠡᠷᠭᠢᠯᠡᠭᠦ ᠶᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ ᠡᠮᠦᠨᠡᠲᠦ ᠠᠹᠷᠢᠺᠠ ᠳᠤᠷᠠᠲᠠᠶ᠎ᠠ ᠠᠯᠳᠠᠨ ᠲᠣᠭᠤᠰᠭ᠋᠎ᠠ ᠤᠯᠤᠰ ᠤᠳ ᠲᠠᠢ ᠬᠠᠮᠲᠤ ᠪᠠᠷ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠪᠢ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠤᠳᠤᠷᠢᠳᠬᠤ ᠬᠥᠮᠥᠰ ᠤᠨ ᠶᠠᠷᠢᠯᠴᠠᠭᠠᠨ ᠤ ᠬᠤᠷᠠᠯ ᠢ ᠡᠷᠭᠢᠯᠡᠵᠦ᠂ ᠠᠹᠷᠢᠺᠠ ᠳᠤᠮᠳᠠᠳᠤ ᠶᠢᠨ ᠬᠠᠷᠢᠯᠴᠠᠭ᠎ᠠ ᠶᠢᠨ ᠨᠡᠩ ᠥᠨᠳᠥᠷ ᠳᠠᠪᠬᠤᠷᠭ᠎ᠠ ᠲᠡᠶᠢᠰᠢ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ       ᠬᠤᠶᠠᠷ ᠤᠯᠤᠰ ᠤᠨ ᠲᠡᠷᠢᠭᠦᠨ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠴᠠᠭ ᠦᠶ᠎ᠡ ᠳᠤ ᠨᠠᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠪᠠᠨ ᠳᠡᠭᠡᠭᠰᠢᠯᠡᠭᠦᠯᠭᠦ ᠶᠢ ᠠᠬᠢᠭᠤᠯᠵᠤ᠂ ᠠᠯᠲᠠᠨ ᠲᠣᠭᠤᠰᠭ᠋᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠳᠤᠮᠳᠠᠳᠤ ᠠᠹᠷᠢᠺᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠠᠩ ᠥᠨᠳᠥᠷ ᠲᠦᠪᠰᠢᠨ ᠲᠡᠶᠢᠰᠢ ᠠᠭᠢᠬᠤ ᠳᠤ ᠬᠦᠴᠦᠷᠬᠡᠭ ᠶᠡᠭᠡ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠰᠠᠨᠠᠯ ᠨᠢᠭᠡᠲᠡᠢ ᠵᠥᠪᠰᠢᠶᠡᠷᠡᠪᠡ᠃      ᠬᠡᠯᠡᠯᠴᠡᠭᠡ ᠶᠢᠨ ᠲᠠᠷᠠᠭ᠎ᠠ ᠯᠠᠮᠠᠹᠦ᠋ᠰᠠ ᠰᠢ ᠶᠢᠨ ᠫᠢᠩ ᠳᠤ ︽ᠡᠮᠦᠨᠡᠲᠦ ᠠᠹᠷᠢᠺᠠ ᠶᠢᠨ ᠭᠠᠪᠢᠶᠠᠨ ᠲᠡᠮᠳᠡᠭ︾ ᠣᠯᠭᠤᠪᠠ᠃ ᠡᠨᠡ ᠪᠣᠯ ᠡᠮᠦᠨᠡᠲᠦ ᠠᠹᠷᠢᠺᠠ ᠠᠴᠠ ᠴᠢᠬᠤᠯᠠ ᠨᠥᠭᠦᠷᠰᠡᠭ ᠤᠯᠤᠰ ᠤᠨ ᠲᠡᠷᠢᠭᠦᠨ ᠳᠤ ᠣᠯᠭᠤᠬᠤ ᠬᠠᠮᠤᠭ ᠤᠨ ᠳᠡᠭᠡᠳᠦ ᠲᠡᠰ ᠤᠨ ᠭᠠᠪᠢᠶᠠᠨ ᠲᠡᠮᠳᠡᠭ ᠪᠠ ᠬᠠᠮᠤᠭ ᠤᠨ ᠳᠡᠭᠡᠳᠦ ᠢᠷᠠᠭᠤ ᠠᠯᠳᠠᠷ ᠪᠣᠯᠣᠨ᠎ᠠ᠃      ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠰᠢᠨ᠎ᠡ ᠡᠨᠧᠷᠭᠢ ᠶᠢᠨ ᠴᠠᠭᠢᠯᠭᠠᠨ ᠬᠦᠴᠦ᠂ ᠲᠠᠷᠢᠶᠠᠯᠠᠩ ᠤᠨ ᠪᠦᠲᠦᠭᠡᠭᠳᠡᠬᠦᠨ᠂ ᠠᠵᠤ ᠠᠬᠤᠢ ᠶᠢᠨ ᠣᠨᠴᠠᠭᠠᠶ ᠣᠷᠣᠨ ᠪᠣᠯᠣᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠳᠠᠯᠠᠢ  ᠲᠠᠩᠭᠢᠰ ᠤᠨ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠣᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ ᠬᠠᠮᠲᠤ ᠪᠠᠷ ᠭᠡᠷᠡᠴᠢᠯᠡᠪᠡ᠃      ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠡᠮᠦᠨᠡᠲᠦ ᠠᠹᠷᠢᠺᠠ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾  ᠶᠢ ᠨᠡᠶᠢᠲᠡᠯᠡᠪᠡ᠃      ᠲᠤᠰ ᠡᠳᠦᠷ ᠤᠨ ᠦᠳᠡ ᠳᠤ ᠯᠠᠮᠠᠹᠦ᠋ᠰᠠ ᠶᠡᠷᠦᠩᠬᠡᠶᠢᠯᠡᠭᠴᠢ ᠶᠢᠨ ᠣᠷᠳᠣᠨ ᠳᠤ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃      ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ