ᠡᠨᠡ ᠵᠢᠯ ᠠᠴᠠ ᠨᠠᠰᠢ᠂ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠳᠦᠷᠢᠮ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠣᠷᠣᠨ | ᠲᠤᠭ᠎ᠠ ᠶᠢᠨ ᠠᠯᠪᠠᠨ ᠭᠡᠷ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠠᠪᠤᠨ ᠵᠢᠯ ᠤᠨ ᠲᠥᠯᠦᠪᠵᠢᠭᠦᠯᠭᠡ ᠶᠢ | ᠨᠠᠶᠢᠳᠠᠪᠣᠷᠢᠵᠢᠭᠤᠯᠵᠣ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠤᠬᠠᠶᠢᠯᠠᠭᠰᠠᠨ ᠠᠵᠢᠯ ᠢᠶᠠᠷ ᠭᠤᠣᠯ ᠪᠣᠯᠭᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ | ᠦᠨᠡᠨ ᠨᠡᠷ᠎ᠡ ᠶᠢᠨ ᠳᠦᠷᠢᠮ ᠤᠨ ᠰᠢᠰᠲ᠋ᠧᠮ ᠢᠶᠠᠷ ᠭᠠᠷᠳᠠᠴᠠ ᠪᠣᠯᠭᠠᠵᠤ᠂ ᠲᠣᠭᠠᠴᠢᠯᠠᠭᠰᠠᠨ ᠠᠵᠢᠯ ᠤᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ | ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠪᠣᠯᠣᠨ ᠮᠡᠳᠡᠭᠡ ᠵᠠᠩᠭᠢ ᠶᠢᠨ ᠮᠡᠷᠭᠡᠵᠢᠯ ᠢ ᠣᠷᠭᠠᠨᠢᠭ ᠢᠶᠠᠷ ᠠᠭᠤᠰᠤᠯᠴᠠᠭᠤᠯᠵᠤ᠂ ᠪᠠᠶᠢᠭᠤᠯᠤᠮᠵᠢ ᠶᠢᠨ ᠣᠷᠣᠨ | ᠲᠤᠭ᠎ᠠ ᠶᠢᠨ ᠬᠠᠮᠢᠶᠠᠷᠤᠯᠲᠠ ᠶᠢᠨ ᠣᠶᠣᠨᠴᠢᠯᠠᠭᠰᠠᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠪᠠᠶᠢᠭᠤᠯᠤᠮᠵᠢ ᠶᠢᠨ ᠣᠷᠣᠨ | ᠲᠤᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠨᠢᠭᠡ ᠳᠤ᠂ ᠮᠡᠳᠡᠭᠡ ᠵᠠᠩᠭᠢ ᠶᠢᠨ ᠣᠨᠣᠪᠴᠢᠲᠤ ᠴᠢᠨᠠᠷ ᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠪᠡ᠃ ᠦᠨᠡᠨ ᠨᠡᠷ᠎ᠡ ᠶᠢᠨ | ᠳᠦᠷᠢᠮᠲᠦ ᠲᠤᠭ᠎ᠠ ᠪᠠᠷᠢᠮᠳᠠ ᠶᠢᠨ ᠬᠥᠮᠥᠷᠭᠡ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠷ ᠬᠠᠮᠠᠭᠠᠯᠠᠬᠤ ᠶᠢ | ᠬᠡᠷᠡᠭᠵᠢᠭᠦᠯᠦᠨ᠂ ᠲᠤᠭ᠎ᠠ ᠪᠠᠷᠢᠮᠳᠠ ᠶᠢ ᠴᠠᠭ ᠲᠤᠬᠠᠢ ᠳᠤᠨᠢ ᠰᠢᠨᠡᠳᠬᠡᠪᠡ᠃ ᠡᠭᠦᠨ ᠤ ᠬᠠᠮᠲᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠡ ᠲᠠᠩᠰᠠ ᠪᠠ | ᠬᠥᠳᠡᠯᠦᠩᠭᠦᠢ ᠲᠤᠭ᠎ᠠ ᠪᠠᠷᠢᠮᠳᠠ ᠶᠢᠨ ᠬᠠᠮᠢᠶᠠᠷᠤᠯᠲᠠ ᠶᠢ ᠵᠡᠷᠭᠡᠴᠡᠭᠦᠯᠬᠦ ᠲᠣᠭᠲᠠᠴᠠ ᠶᠢ ᠪᠠᠶᠢᠭᠤᠯᠵᠤ᠂ ᠪᠠᠶᠢᠭᠤᠯᠤᠮᠵᠢ ᠶᠢᠨ ᠬᠤᠪᠢᠷᠠᠯᠲᠠ᠂ ᠣᠷᠣᠨ ᠲᠤᠭ᠎ᠠ ᠶᠢᠨ | ᠲᠣᠬᠢᠷᠠᠭᠤᠯᠤᠯᠲᠠ᠂ ᠠᠵᠢᠯᠲᠠᠨ ᠤ ᠮᠡᠳᠡᠭᠡ ᠵᠠᠩᠭᠢ ᠶᠢᠨ ᠬᠤᠪᠢᠷᠠᠯᠲᠠ ᠶᠢ ᠴᠠᠭ ᠲᠤᠬᠠᠢ ᠳᠤᠨᠢ ᠰᠢᠨᠡᠳᠬᠡᠬᠦ ᠶᠢ ᠪᠠᠷᠢᠮᠲᠠᠯᠠᠨ᠂ ᠪᠦᠷᠢᠳᠬᠡᠯ ᠤᠨ ᠲᠤᠭ᠎ᠠ ᠪᠠᠷᠢᠮᠲᠠ ᠶᠢ | ᠴᠠᠭ ᠲᠤᠬᠠᠢ ᠳᠤᠨᠢ ᠣᠨᠣᠪᠴᠢᠲᠠᠶ ᠪᠠᠶᠢᠯᠭᠠᠬᠤ ᠶᠢ ᠪᠠᠲᠤᠯᠠᠵᠤ᠂ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠠᠵᠢᠯ ᠤᠨ ᠬᠥᠳᠡᠯᠦᠩᠭᠦᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠴᠢᠨᠠᠷ ᠰᠠᠶᠢᠲᠠᠢ ᠲᠤᠭ᠎ᠠ | ᠪᠠᠷᠢᠮᠳᠠ ᠶᠢᠨ ᠰᠠᠭᠤᠷᠢ ᠶᠢ ᠪᠠᠬᠢᠵᠢᠭᠦᠯᠪᠡ᠃ ᠬᠤᠶᠠᠷ ᠲᠤ᠂ ᠲᠤᠭ᠎ᠠ ᠪᠠᠷᠢᠮᠲᠠ ᠶᠢᠨ ᠬᠤᠭᠤᠴᠠᠭᠠᠲᠤ ᠴᠢᠨᠠᠷ ᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ | ᠴᠤᠪᠤᠷᠠᠯ ᠢ ᠵᠢᠷᠤᠮᠵᠢᠭᠤᠯᠪᠠ᠃ ᠴᠤᠪᠤᠷᠠᠯ ᠢ ᠰᠢᠯᠢᠳᠡᠭᠵᠢᠭᠦᠯᠵᠦ᠂ ᠲᠤᠭ᠎ᠠ ᠪᠠᠷᠢᠮᠲᠠ ᠪᠠᠷ ᠬᠦᠳᠡᠯᠭᠡᠬᠦ ᠬᠦᠴᠦᠨ ᠪᠣᠯᠭᠠᠵᠣ᠂ ᠠᠵᠢᠯ ᠤᠨ ᠵᠢᠷᠤᠮᠵᠢᠯ ᠤᠨ ᠬᠡᠮᠵᠢᠶ᠎ᠡ ᠪᠠ | ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠪᠡ᠃ ᠴᠠᠭ ᠤᠨ ᠬᠢᠵᠠᠭᠠᠷ ᠤᠨ ᠬᠦᠴᠦᠨ ᠲᠠᠢ ᠬᠤᠭᠤᠴᠠᠭ᠎ᠠ ᠶᠢ ᠴᠢᠩᠭ᠎ᠠ ᠡᠵᠡᠮᠳᠡᠵᠦ᠂ | ᠰᠢᠰᠲ᠋ᠧᠮ ᠳᠤ ᠮᠡᠳᠡᠭᠦᠯᠦᠨ ᠬᠦᠷᠭᠡᠭᠰᠡᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠳᠠᠷᠦ᠋ᠢᠬᠠᠨ ᠭᠥᠯᠢᠶᠡᠨ ᠠᠪᠴᠤ ᠳᠠᠷᠦ᠋ᠢᠬᠠᠨ ᠭᠦᠢᠴᠡᠳᠬᠡᠵᠦ᠂ ᠬᠢᠨᠠᠨ | ᠬᠠᠷᠭᠤᠭᠤᠯᠤᠭᠰᠠᠨ ᠦᠷ᠎ᠡ ᠳ᠋ᠦᠩ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠪᠦᠲᠦᠮᠵᠢᠲᠡᠶ ᠨᠡᠪᠲᠡᠷᠡᠯᠴᠡᠬᠦ ᠶᠢ | ᠴᠢᠩᠭᠠᠳᠬᠠᠨ᠂ ᠰᠠᠯᠠᠭ᠎ᠠ ᠮᠥᠴᠢᠷ ᠤᠨ ᠭᠦᠶᠦᠬᠦ ᠤᠳᠠᠭ᠎ᠠ ᠶᠢ ᠪᠠᠭᠠᠰᠬᠠᠵᠤ᠂ ᠠᠵᠢᠯ ᠶᠠᠪᠣᠳᠠᠯ ᠢ ᠴᠠᠭ ᠲᠤᠬᠠᠢ ᠳᠤᠨᠢ ᠭᠦᠢᠴᠡᠳᠬᠡᠵᠦ ᠳᠠᠭᠤᠰᠬᠠᠨ᠂ | ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ ᠪᠥᠬᠦ ᠬᠤᠰᠢᠭᠤᠨ ᠤ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢ ᠲᠥᠪᠯᠡᠷᠡᠭᠦᠯᠦᠨ | ᠬᠠᠮᠠᠭᠠᠯᠠᠵᠤ ᠰᠢᠯᠭᠠᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠤᠭ᠎ᠠ ᠪᠠᠷᠢᠮᠲᠠ ᠶᠢᠨ ᠬᠥᠳᠡᠯᠦᠩᠭᠦᠢ ᠵᠠᠳᠠᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢᠨ ᠪᠦᠷᠢᠳᠬᠡᠯ ᠪᠠ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠲᠤᠭ᠎ᠠ ᠶᠢᠨ ᠡᠬᠢ | ᠪᠠᠶᠠᠯᠢᠭ ᠢ ᠵᠦᠢ ᠵᠣᠬᠢᠰᠲᠠᠢ ᠠᠰᠢᠭᠯᠠᠬᠤ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠵᠤ᠂ ᠦᠨᠡᠨ ᠨᠡᠷ᠎ᠡ ᠶᠢᠨ ᠳᠦᠷᠢᠮ ᠤᠨ ᠰᠢᠰᠲ᠋ᠧᠮ ᠤᠨ ᠲᠤᠭ᠎ᠠ ᠪᠠᠷᠢᠮᠲᠠ ᠶᠢᠨ | ᠦᠢᠯᠡᠳᠦᠯ ᠴᠢᠳᠠᠪᠤᠷᠢ ᠶᠢ ᠦᠨᠡᠨᠬᠦ ᠪᠠᠳᠠᠷᠠᠭᠤᠯᠪᠠ᠃ | ᠭᠤᠷᠪᠠ ᠳᠤ᠂ ᠲᠤᠭ᠎ᠠ ᠪᠠᠷᠢᠮᠲᠠ ᠶᠢᠨ ᠣᠶᠤᠨᠴᠢ ᠴᠢᠨᠠᠷ ᠢ ᠰᠢᠯᠢᠳᠡᠭᠵᠢᠭᠦᠯᠵᠦ᠂ ᠡᠬᠢ ᠪᠠᠶᠠᠯᠢᠭ ᠢ ᠤᠨᠢᠨ ᠳᠡᠭᠡᠷ᠎ᠡ ᠨᠢ ᠲᠣᠬᠢᠷᠠᠭᠤᠯᠪᠠ᠃ ᠣᠲᠣ ᠶᠢᠨ | ᠪᠠᠶᠢᠭ᠎ᠠ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠠᠰᠢᠭᠯᠠᠨ ᠲᠤᠭ᠎ᠠ ᠪᠠᠷᠢᠮᠲᠠ ᠶᠢ ᠵᠠᠳᠠᠯᠤᠨ ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠵᠦᠢᠯ ᠤᠨ ᠭᠤᠣᠯ ᠪᠣᠯᠬᠤ | ᠭᠦᠢᠴᠡᠳᠬᠡᠯ ᠲᠤᠭ᠎ᠠ᠂ ᠠᠵᠢᠯᠲᠠᠨ ᠤ ᠬᠤᠪᠢᠷᠠᠯᠲᠠ ᠶᠢᠨ ᠰᠢᠯᠲᠠᠭᠠᠨ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠬᠠᠨᠳᠤᠰᠢ ᠵᠡᠷᠭᠡ ᠪᠠᠶᠢᠳᠠᠯ ᠢ ᠨᠠᠷᠢᠨ ᠨᠢᠮᠪᠠᠢ | ᠡᠮᠬᠢᠯᠡᠬᠦ ᠪᠠ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠢ ᠨᠠᠷᠢᠯᠢᠭ ᠣᠨᠣᠴᠠᠲᠠᠢ ᠪᠠᠷ | ᠲᠣᠬᠢᠷᠠᠭᠤᠯᠪᠠ᠃ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠤᠷᠠᠮᠳᠤᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠪᠠᠶᠢᠭᠤᠯᠤᠮᠵᠢ ᠶᠢᠨ ᠥᠭᠡᠷᠡᠴᠢᠯᠡᠯᠲᠡ᠂ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ ᠢ ᠬᠠᠷᠭᠤᠭᠤᠯᠤᠨ ᠪᠠᠶᠢᠴᠠᠭᠠᠬᠤ᠂ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠰᠢᠯᠭᠠᠨ ᠡᠯᠰᠡᠬᠦ ᠵᠡᠷᠭᠡ ᠠᠵᠢᠯ ᠳᠤ ᠴᠠᠭ ᠲᠣᠬᠠᠢ ᠳᠤᠨᠢ᠂ ᠣᠨᠣᠪᠴᠢᠲᠠᠶ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ | ᠢᠳᠡᠪᠬᠢᠲᠡᠢ ᠬᠠᠩᠭᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠦᠨᠡᠨ ᠨᠡᠷ᠎ᠡ ᠶᠢᠨ ᠳᠦᠷᠢᠮ ᠤᠨ ᠰᠢᠰᠲ᠋ᠧᠮ ᠤᠨ ᠲᠤᠭ᠎ᠠ ᠪᠠᠷᠢᠮᠲᠠ ᠶᠢᠨ ᠲᠤᠯᠭᠠᠭᠤᠷᠢᠯᠠᠬᠤ ᠪᠠ | ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠣᠶᠤᠨᠴᠢᠯᠠᠭᠰᠠᠨ ᠲᠤᠭ᠎ᠠ ᠪᠠᠷᠢᠮᠲᠠ ᠶᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠪᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠦᠢᠯᠡᠰ ᠤᠨ ᠲᠣᠬᠢᠷᠠᠭᠤᠯᠤᠯᠲᠠ ᠶᠢ ᠭᠦᠨᠵᠡᠭᠡᠶᠢᠷᠡᠭᠦᠯᠬᠦ ᠶᠢᠨ ᠴᠢᠬᠤᠯᠠ ᠯᠠᠪᠯᠠᠯᠲᠠ | ᠪᠠ ᠣᠷᠣᠨ ᠲᠤᠭ᠎ᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠵᠤ᠂ ︽ᠲᠤᠭ᠎ᠠ ᠪᠠᠷᠢᠮᠲᠠ ᠪᠠᠷ ᠦᠭᠡ | ᠬᠡᠯᠡᠬᠦ᠂ ᠲᠤᠭ᠎ᠠ ᠪᠠᠷᠢᠮᠲᠠ ᠪᠠᠷ ᠬᠠᠮᠢᠶᠠᠷᠬᠤ᠂ ᠲᠤᠭ᠎ᠠ ᠪᠠᠷᠢᠮᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠤᠭ᠎ᠠ ᠪᠠᠷᠢᠮᠲᠠ ᠪᠠᠷ ᠰᠢᠨ᠎ᠡ ᠶᠢ ᠡᠭᠦᠳᠬᠦ︾ | ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠣᠭᠠᠴᠢᠯᠠᠭᠰᠠᠨ ᠣᠶᠤᠨᠴᠢᠯᠠᠭᠰᠠᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | | | | |