︽ᠠᠨᠢᠶ᠎ᠠ ᠲᠠ ᠰᠠᠶᠢᠨ ᠤᠤ᠂ ᠡᠨᠡ ᠪᠣᠯ ᠮᠠᠨ ᠤ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠰᠠᠨᠠᠭᠠᠴᠢᠯᠠᠭ᠎ᠠ ᠶᠢᠨ ᠪᠢᠴᠢᠭ ᠪᠣᠯᠣᠨ ︽ᠬᠤᠲᠠ ᠶᠢᠨ ᠦᠨᠳᠦᠰᠦᠲᠡᠨ ᠤ ᠠᠵᠢᠯ ᠤᠨ ᠳᠦᠷᠢᠮ︾ ᠮᠥᠨ᠂ ᠪᠢ ᠲᠠᠨ ᠳᠤ ᠨᠠᠷᠢᠨ ᠲᠠᠶᠢᠯᠪᠤᠷᠢᠯᠠᠵᠤ ᠥᠭᠭᠦᠶ᠎ᠡ᠂ ᠪᠢᠳᠡ | ᠬᠥᠮᠥᠨ ᠪᠣᠯᠭᠠᠨ ᠪᠣᠯᠪᠠᠰᠤᠨ ᠣᠷᠠᠳ ᠤᠨ ᠲᠣᠮᠳᠠᠳᠣ ᠬᠤᠰᠢᠭᠤ ᠪᠠᠨ ᠪᠦᠳᠦᠭᠡᠨ ᠪᠠᠶᠢᠭᠤᠯᠣᠶ᠎ᠠ︾ ᠬᠡᠵᠣ ᠣᠶᠢᠷ᠎ᠠ ᠳᠤ᠂ ᠬᠠᠰᠠᠷ ᠨᠡᠶᠢᠭᠡᠮ ᠲᠣᠭᠤᠷᠢᠭ ᠤᠨ ᠣᠷᠣᠨ | ᠲᠣᠭᠤᠷᠢᠭᠴᠢᠯᠠᠭᠰᠠᠨ ᠬᠠᠮᠢᠶᠠᠷᠣᠯᠳᠠ ᠶᠢᠨ ᠠᠵᠢᠯᠲᠠᠨ ᠨᠠᠮᠢᠶ᠎ᠠ ᠥᠩᠭᠡᠷᠡᠭᠰᠡᠨ ᠤ ᠬᠢ ᠲᠠᠢ ᠪᠠᠨ ᠠᠳᠠᠯᠢ ᠪᠠᠷ ᠰᠠᠭᠤᠭᠠᠯᠢ ᠠᠷᠠᠳ ᠲᠤ ᠪᠣᠯᠪᠠᠰᠣᠨ ᠬᠤᠲᠠ ᠶᠢ | ᠪᠠᠶᠢᠭᠤᠯᠬᠤ ᠮᠡᠳᠡᠯᠭᠡ ᠶᠢᠨ ᠤᠬᠠᠭᠤᠯᠭ᠎ᠠ ᠬᠢᠵᠦ ᠪᠠᠶᠢᠯ᠎ᠠ᠃ | ᠡᠨᠡ ᠵᠢᠯ ᠠᠴᠠ ᠨᠠᠰᠢ᠂ ᠬᠠᠯᠢᠭᠤᠳᠣ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠲᠤ ᠴᠥᠮ ᠨᠢᠭᠡᠨ ᠰᠠᠯᠠᠭ᠎ᠠ ᠣᠷᠣᠨ ᠲᠣᠭᠤᠷᠢᠭᠴᠢᠯᠠᠭᠰᠠᠨ | ᠬᠠᠮᠢᠶᠠᠷᠣᠯᠳᠠ ᠶᠢᠨ ᠠᠵᠢᠯᠲᠠᠨ ᠠᠵᠢᠯᠲᠠᠨ ᠤ ᠡᠩᠨᠡᠭᠡ ᠪᠠᠶᠢᠭᠤᠯᠣᠭᠳᠠᠵᠣ᠂ ᠲᠡᠳᠡ ᠵᠡᠭᠡᠯᠢ ᠳᠠᠭᠠᠤ ᠳᠡᠯᠭᠡᠭᠦᠷ ᠠᠰᠠᠷ ᠲᠠᠭᠲᠤ᠂ ᠰᠠᠭᠤᠭᠠᠯᠢ ᠲᠣᠭᠤᠷᠢᠭ ᠶᠠᠭᠠᠷᠠᠯᠳᠠᠢ | ᠠᠵᠢᠯᠯᠠᠵᠣ᠂ ︽ᠬᠥᠮᠥᠨ ᠢ ᠨᠢ ᠲᠠᠨᠢᠬᠤ᠂ ᠭᠠᠵᠠᠷ ᠢ ᠨᠢ ᠮᠡᠳᠡᠬᠦ᠂ ᠪᠠᠶᠢᠳᠠᠯ ᠢ ᠨᠢ ᠣᠶᠢᠯᠠᠭᠠᠬᠤ︾ ᠳᠠᠪᠠᠭᠤᠯᠢᠭ ᠢᠶᠠᠷ ᠢᠶᠠᠨ ︽ᠣᠷᠣᠨ ᠲᠣᠭᠤᠷᠢᠭ + ᠪᠣᠯᠪᠠᠰᠣᠨ | ᠬᠤᠲᠠ ᠶᠢ ᠪᠠᠶᠢᠭᠤᠯᠬᠤ︾ ᠶᠢᠨ ᠪᠣᠳᠠᠲᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠠᠷ ᠪᠠᠳᠠᠷᠠᠭᠤᠯᠵᠤ᠂ ︽ᠵᠢᠵᠢᠭ ᠰᠦᠯᠵᠢᠶᠡᠨ ᠤ ᠠᠵᠢᠯᠳᠠᠨ︾ ᠤ ︽ᠶᠡᠭᠡ | ᠡᠨᠧᠷᠭᠢ︾ ᠶᠢ ᠭᠦᠢᠴᠡᠳ ᠬᠠᠷᠠᠭᠤᠯᠤᠭᠰᠠᠨ ᠪᠠᠶᠢᠨ᠎ᠠ᠃ | ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠤᠬᠠᠭᠤᠯᠤᠭᠴᠢ᠂ ᠲᠠᠶᠢᠯᠪᠤᠷᠢᠯᠠᠭᠴᠢ ᠪᠣᠯᠬᠤ ᠶᠢᠨ ᠲᠥᠯᠥᠭᠡ᠂ ᠪᠥᠬᠦ | ᠬᠤᠰᠢᠭᠤᠨ ᠤ 954 ᠰᠦᠯᠵᠢᠶᠡᠨ ᠤ ᠠᠵᠢᠯᠲᠠᠨ ᠲᠣᠰᠬᠤᠨ ᠪᠠᠯᠭᠠᠰᠤᠨ ᠤ ᠨᠡᠶᠢᠭᠡᠮ ᠲᠣᠭᠤᠷᠢᠭ ᠲᠤ ᠬᠦᠨᠵᠡᠭᠡᠶᠢᠷᠡᠵᠣ᠂ ︽ᠪᠣᠯᠪᠠᠰᠣᠨ ᠬᠤᠲᠠ ᠶᠢ ᠡᠬᠦᠳᠦᠨ | ᠪᠠᠶᠢᠭᠤᠯᠬᠤ︾ ᠪᠠᠷᠢᠮᠵᠢᠶ᠎ᠠ ᠲᠠᠢ ᠬᠠᠷᠢᠴᠠᠭᠤᠯᠤᠨ᠂ ᠡᠷᠦᠬᠡ ᠳᠤ ᠬᠦᠷᠴᠦ ᠰᠤᠷᠪᠤᠯᠵᠢᠯᠠᠬᠤ᠂ ᠬᠤᠯᠪᠣᠭᠠᠯᠠᠨ ᠬᠠᠷᠢᠯᠴᠠᠬᠤ᠂ ᠸᠢᠴᠠᠲ ᠤᠨ ᠴᠣᠭᠯᠠᠷᠠᠯ ᠢᠶᠠᠷ | ᠬᠠᠷᠢᠯᠴᠠᠬᠤ᠂ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ︽ᠪᠣᠯᠪᠠᠰᠣᠨ | ᠬᠤᠲᠠ ᠶᠢ ᠪᠠᠶᠢᠭᠤᠯᠬᠤ︾ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠪᠠ ︽ᠪᠣᠯᠪᠠᠰᠣᠨ ᠬᠤᠲᠠ ᠶᠢ ᠪᠠᠶᠢᠭᠤᠯᠬᠤ︾ ᠠᠭᠤᠯᠭ᠎ᠠ ᠶᠢ ᠥᠷᠭᠡᠨ ᠢᠶᠠᠷ | ᠤᠬᠠᠭᠤᠯᠵᠤ᠂ ᠳᠦᠷᠢᠮ ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ ᠪᠣᠯᠪᠠᠰᠤᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠯᠭᠠᠵᠤ᠂ ᠰᠠᠭᠤᠭᠠᠯᠢ ᠠᠷᠠᠳ ᠤᠨ | ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠢ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠪᠡ᠃ | |