ᠭᠤᠶᠣᠵᠢᠭᠤᠯᠤᠨ ᠭᠡᠷᠡᠯᠲᠦᠭᠦᠯᠬᠦ ᠢᠨᠵᠧᠨᠧᠷᠢᠩ ᠪᠣᠯ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ | ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠠᠷᠭ᠎ᠠ ᠵᠠᠮ ᠪᠣᠯᠤᠨ᠎ᠠ᠃ ᠣᠶᠢᠷ᠎ᠠ ᠳᠤ᠂ ᠤᠷᠠᠳ ᠤᠨ | ᠳᠤᠮᠳᠠᠳᠤ ᠬᠤᠰᠢᠭᠤᠨ ᠤ ᠭᠠᠭᠴᠠᠮᠤᠳᠤ ᠪᠠᠯᠭᠠᠰᠤᠨ ᠤ ᠳᠦᠷᠢ ᠲᠥᠷᠬᠦ ᠶᠢ ᠳᠡᠭᠡᠭᠰᠢᠯᠡᠭᠦᠯᠬᠦ ᠢᠨᠵᠧᠨᠧᠷᠢᠩ ᠤᠨ ᠭᠤᠶᠣᠵᠢᠭᠤᠯᠤᠨ ᠭᠡᠷᠡᠯᠲᠦᠭᠦᠯᠬᠦ ᠠᠵᠢᠯ ᠤᠨ | ᠳᠤᠭᠤᠶᠢᠯᠠᠩ ᠪᠠᠷᠢᠯᠭ᠎ᠠ ᠶᠢᠨ ᠬᠤᠭᠤᠴᠠᠭ᠎ᠠ ᠶᠢ ᠱᠠᠯᠠᠪᠳᠠᠨ᠂ ᠠᠬᠢᠴᠠ ᠪᠠᠨ ᠲᠦᠷᠭᠡᠳᠬᠡᠵᠦ᠂ ᠬᠤᠲᠠ ᠶᠢ ᠭᠤᠶᠣᠵᠢᠭᠤᠯᠤᠨ ᠭᠡᠷᠡᠯᠲᠦᠭᠦᠯᠬᠦ ᠠᠵᠢᠯ ᠢ ᠦᠷᠭᠦᠯᠵᠢᠯᠡᠨ | ᠠᠬᠢᠭᠤᠯᠵᠤ᠂ ᠬᠤᠲᠠ ᠪᠠᠯᠭᠠᠰᠤᠨ ᠤ ᠥᠩᠭᠡ ᠵᠢᠰᠦ ᠲᠦᠷᠢ ᠲᠦᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠪᠤᠢ᠃ | ᠤᠳᠤᠬᠠᠨ ᠪᠣᠯᠲᠠᠯ᠎ᠠ᠂ ᠭᠠᠭᠴᠠᠮᠤᠳᠤ ᠪᠠᠯᠭᠠᠰᠦ ᠬᠠᠭᠤᠴᠢᠨ ᠲᠣᠭᠤᠰᠬ᠎ᠠ ᠶᠢ ᠨᠡᠶᠢᠲᠡ 7 ᠲᠦᠮᠡ ᠭᠠᠷᠤᠶ ᠲᠡᠭᠰᠢ ᠳᠥᠷᠪᠡᠯᠵᠢᠨ ᠮᠧᠲᠷ ᠨᠤᠷᠠᠭᠠᠵᠤ᠂ | 2800 ᠮᠧᠲᠷ ᠬᠡᠷᠡᠮ ᠬᠠᠨ᠎ᠠ ᠶᠢ ᠥᠨᠳᠥᠷᠵᠢᠭᠦᠯᠦᠨ ᠵᠠᠰᠠᠵᠤ᠂ 3 ᠲᠦᠮᠡ ᠭᠠᠷᠤᠶ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠭᠠᠳᠠᠷ ᠲᠠᠯ᠎ᠠ ᠶᠢᠨ | ᠰᠠᠭᠤᠷᠢ ᠶᠢ ᠰᠢᠨᠡᠤᠨᠬᠡᠨ ᠵᠠᠰᠠᠵᠦ᠂ ᠭᠤᠶᠣᠵᠢᠭᠤᠯᠤᠨ ᠭᠡᠷᠡᠯᠲᠦᠭᠦᠯᠬᠦ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠵᠦ ᠪᠤᠢ᠃ | |