ᠤᠷᠠᠳ ᠤᠨ ᠳᠤᠮᠳᠠᠳᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/9/11
      8 ᠰᠠᠷ᠎ᠠ ᠶᠢᠨ 28 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠤᠷᠠᠳ ᠤᠨ ᠳᠤᠮᠳᠠᠳᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠨᠠᠶᠢᠳᠠ 1.01 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠵᠡᠯᠡᠭᠰᠡᠨ ᠲᠠᠯᠠᠪᠠᠢ ᠨᠢ 80.39 ᠮᠥ ᠪᠠᠶᠢᠵᠦ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 1.6 ᠲᠦᠮᠡᠨ ᠲᠡᠭᠰᠢ ᠳᠥᠷᠪᠡᠯᠵᠢᠨ  ᠮᠧᠲᠷ ᠬᠦᠷᠴᠦ᠂ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠳᠤ ᠵᠢᠭᠠᠨ ᠰᠤᠷᠭᠠᠯᠲᠠ ᠶᠢᠨ ᠠᠰᠠᠷ᠂ ᠶᠡᠷᠦᠩᠬᠡᠢᠯᠡᠭᠰᠡᠨ ᠠᠰᠠᠷ᠂ ᠰᠤᠷᠤᠭᠴᠢ ᠶᠢᠨ ᠬᠤᠭᠤᠯᠠᠨ ᠭᠡᠷ᠂ ᠪᠠᠶᠢᠷᠢ᠂ 300  ᠮᠧᠲᠷ ᠤᠨ ᠴᠠᠭᠠᠷᠢᠭ ᠬᠡᠯᠪᠡᠷᠢ  ᠶᠢᠨ ᠪᠠᠷᠢᠮᠵᠢᠶᠠᠲᠤ ᠰᠦᠵᠢᠶᠤᠤ ᠭᠦᠶᠦᠯᠲᠡ ᠶᠢᠨ ᠵᠠᠮ ᠤᠨ ᠲᠠᠮᠢᠷ ᠤᠨ ᠲᠠᠯᠠᠪᠠᠢ ᠵᠢᠴᠢ ᠰᠠᠭᠰᠤᠨ ᠪᠥᠮᠪᠦᠭᠡ ᠠᠯᠠᠭᠠᠳᠠᠬᠤ ᠪᠥᠮᠪᠦᠭᠡ ᠶᠢᠨ ᠲᠠᠯᠠᠪᠠᠢ ᠵᠡᠷᠭᠡ ᠪᠠᠶᠢᠵᠦ᠂ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠭᠠᠯ ᠤᠨᠲᠠᠷᠠᠭᠠᠬᠤ᠂ ᠨᠣᠭᠤᠭᠠᠷᠠᠭᠤᠯᠬᠤ᠂ ᠬᠢᠨᠠᠨ ᠡᠵᠡᠮᠳᠡᠬᠦ ᠲᠣᠣᠷ ᠰᠦᠯᠵᠢᠶ᠎ᠡ ᠵᠡᠷᠭᠡ ᠳᠠᠭᠠᠯᠲᠠ ᠢᠨᠵᠧᠨᠧᠷᠢᠩ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ 24 ᠠᠩᠭᠢ᠂ 1080 ᠪᠠᠭᠰᠢ ᠰᠤᠷᠤᠭᠴᠢᠤᠨ ᠢ ᠪᠠᠭᠳᠠᠭᠠᠵᠦ ᠲᠠᠶᠢᠯᠤᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ