8 ᠰᠠᠷ᠎ᠠ ᠶᠢᠨ 23 ᠤ ᠡᠳᠦᠷ᠂ ᠤᠷᠠᠳ ᠤᠨ ᠬᠤᠶᠢᠲᠤ ᠬᠤᠰᠢᠭᠤ 2023 ᠣᠨ ᠤ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠴᠤᠭᠯᠠᠭᠠᠨ ᠢ ᠵᠣᠬᠢᠶᠠᠨ ᠪᠠᠶᠢᠭᠤᠯᠵᠤ ᠥᠷᠨᠢᠭᠦᠯᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ ᠵᠡᠷᠭᠡ ᠪᠥᠬᠦ ᠬᠤᠰᠢᠭᠤᠨ ᠤ | ᠭᠠᠵᠠᠷ ᠤᠨ ᠲᠠᠰ ᠤᠨ ᠤᠳᠤᠷᠢᠳᠬᠤ ᠺᠠᠳ᠋ᠷ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ | ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠬᠠᠮᠠᠳ ᠺᠠᠳ᠋ᠷᠴᠤᠳ ᠤᠨ ᠲᠥᠯᠥᠭᠡᠯᠡᠭᠴᠢ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ | ᠡᠨᠡ ᠵᠢᠯ ᠠᠴᠠ ᠨᠠᠰᠢᠬᠢ ᠰᠢᠨ᠎ᠡ ᠪᠠᠷ ᠠᠵᠢᠯ ᠡᠬᠢᠯᠡᠭᠦᠯᠦᠭᠰᠡᠨ ᠵᠢᠴᠢ ᠶᠠᠭ ᠪᠦᠳᠤᠬᠡᠨ ᠪᠠᠶᠢᠭᠤᠯᠵᠤ ᠪᠠᠶᠢᠭ᠎ᠠ ᠪᠠ ᠪᠠᠷᠢᠯᠭ᠎ᠠ ᠳᠠᠭᠤᠰᠬᠠᠵᠤ ᠠᠰᠢᠭᠯᠠᠯᠲᠠ ᠳᠤ | ᠣᠷᠣᠭᠤᠯᠤᠭᠰᠠᠨ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠪᠠ ᠴᠢᠬᠤᠯᠠ | ᠶᠡᠭᠡ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠴᠢᠩᠭᠠᠳᠬᠠᠪᠠ᠃ | ᠲᠣᠰ ᠤᠳᠠᠭᠠᠨ ᠤ ᠦᠵᠡᠭᠦᠯᠦᠯᠭᠡ ᠶᠢᠨ ᠬᠤᠭᠤᠴᠠᠭ᠎ᠠ ᠨᠢ ᠭᠤᠷᠪᠠᠨ ᠡᠳᠦᠷ ᠪᠣᠯᠣᠨ᠎ᠠ᠂ ᠬᠤᠷᠠᠯ ᠳᠤ ᠣᠷᠣᠯᠴᠠᠭᠰᠠᠳ ᠵᠢᠷᠭᠤᠭᠠᠨ ᠰᠤᠮᠤ ᠪᠠᠯᠭᠠᠰᠤᠨ ᠤ | ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠵᠢᠴᠢ ᠭᠤᠣᠯᠳᠠᠯᠭ᠎ᠠ ᠲᠠᠢ | ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠥᠷᠥᠯ ᠵᠦᠢᠯ ᠳᠤ ᠭᠦᠨᠵᠡᠭᠡᠶᠢᠷᠡᠨ᠂ ᠠᠬᠢᠴᠠ ᠶᠢ ᠦᠵᠡᠵᠦ᠂ ᠰᠢᠨ᠎ᠡ ᠶᠢ ᠡᠭᠦᠳᠴᠦ᠂ ᠦᠷ᠎ᠡ ᠪᠦᠲᠦᠮᠵᠢ ᠶᠢ | ᠦᠵᠡᠵᠦ᠂ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠥᠷᠨᠢᠩᠭᠦᠢ ᠬᠥᠭᠵᠢᠯᠲᠡ ᠶᠢ ᠪᠠᠶᠠᠴᠢᠯᠠᠨ ᠣᠶᠢᠯᠠᠭᠠᠬᠤ ᠪᠣᠯᠣᠨ᠎ᠠ᠃ | ᠲᠤᠬᠠᠢ ᠶᠢᠨ ᠲᠠᠯᠠᠪᠠᠶ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠬᠦ ᠪᠠᠷ | ᠲᠠᠮᠵᠢᠨ᠂ ᠲᠦᠷᠤᠯ ᠵᠦᠢᠯ ᠤᠨ ᠬᠦᠷᠢᠶ᠎ᠠ ᠬᠡᠪᠴᠢᠶ᠎ᠠ ᠴᠢᠨᠡᠷ ᠴᠢᠨᠰᠠᠭ᠎ᠠ ᠶᠢ ᠠᠳᠠᠯᠢᠳᠬᠠᠨ᠂ ᠠᠵᠢᠯ ᠤᠨ ᠡᠬᠢᠯᠠᠬᠦᠯᠤᠯᠳᠠ ᠪᠤᠯᠤᠨ ᠠᠵᠢᠯ ᠤᠨ ᠠᠬᠢᠴᠠ ᠶᠢᠨ ᠪᠠᠶᠢᠳᠠᠯ ᠢ | ᠠᠳᠠᠯᠢᠳᠬᠠᠵᠤ᠂ ᠦᠢᠯᠡᠴᠢᠯᠡᠭᠡ ᠪᠤᠯᠤᠨ ᠪᠤᠳᠠᠳᠤ ᠦᠷ᠎ᠠ ᠪᠦᠳᠤᠮᠵᠢ ᠶᠢ ᠠᠳᠠᠯᠢᠳᠬᠠᠵᠤ᠂ ᠠᠵᠢᠯ ᠤᠨ ᠬᠢᠯᠠᠰ ᠴᠡᠭ ᠢ ᠢᠯᠡᠷᠡᠭᠦᠯᠤᠨ᠂ ᠠᠵᠢᠯ ᠤᠨ ᠲᠤᠷᠰᠢᠯᠭ᠎ᠠ ᠪᠠᠨ | ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠶ ᠡᠷᠢᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠤᠨ᠂ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠪᠠᠷ ᠬᠦᠴᠦᠯᠡᠨ ᠴᠢᠷᠮᠠᠶᠢᠵᠠᠭᠠᠨ᠎ᠠ᠃ | | | |