ᠤᠷᠠᠳ ᠤᠨ ᠬᠤᠶᠢᠳᠤ ᠬᠤᠰᠢᠭᠤ 2023 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/9/11
      ᠲᠦᠷᠦᠭᠦᠬᠡᠨ᠂ ᠤᠷᠠᠳ ᠤᠨ ᠬᠤᠶᠢᠳᠤ ᠬᠤᠰᠢᠭᠤ 2023 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠣᠯᠪᠠᠰᠤᠷᠠᠯ ᠤᠨ ᠠᠩᠭᠢ  ᠶᠢ ᠨᠠᠮ ᠤᠨ ᠰᠤᠷᠭᠠᠭᠤᠯᠢ ᠳᠤ ᠡᠷᠬᠢᠯᠡᠭᠰᠠᠨ ᠪᠠᠶᠢᠨ᠎ᠠ᠃ ᠬᠤᠰᠢᠭᠤᠨ ᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠤᠮᠤ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠠᠷᠢᠭᠤᠴᠠᠯᠭᠠᠲᠠᠨ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠬᠠᠷᠢᠭᠤᠴᠠᠯᠭᠠᠲᠠᠨ ᠨᠢᠭᠡ ᠡᠳᠦᠷ ᠤᠨ ᠬᠤᠭᠤᠴᠠᠭ᠎ᠠ ᠲᠠᠢ ᠲᠥᠪᠯᠡᠷᠡᠭᠦᠯᠦᠨ ᠪᠣᠯᠪᠠᠰᠤᠷᠠᠭᠤᠯᠬᠤ ᠳᠤ ᠣᠷᠣᠯᠴᠠᠵᠠᠢ᠃      ᠪᠣᠯᠪᠠᠰᠤᠷᠠᠯ ᠤᠨ ᠠᠩᠭᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠤᠳᠤᠯᠭᠠᠨ ᠤ ᠲᠥᠪ ᠤᠨ ᠪᠠᠶᠢᠩᠭᠤ ᠶᠢᠨ ᠡᠷᠬᠢᠯᠡᠭᠴᠢ ᠸᠧᠢ ᡁᠢ ᠶᠦᠩ ᠢ ᠤᠷᠢᠵᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠶᠢᠷᠡᠭᠦᠯᠦᠨ ᠥᠷᠭᠡᠳᠬᠡᠬᠦ ᠠᠷᠭ᠎ᠠ ᠵᠠᠮ ᠪᠣᠯᠣᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠲᠥᠰᠥᠪᠯᠡᠬᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠤᠢ ᠪᠣᠯᠤᠭᠰᠠᠨ ᠪᠠ ᠬᠥᠭᠵᠢᠭᠰᠡᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠣᠯᠳᠠᠯᠭ᠎ᠠ᠂ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠬᠡᠷᠬᠢᠨ ᠲᠥᠰᠥᠪᠯᠡᠨ ᠬᠡᠷᠡᠭᠵᠢᠭᠦᠯᠬᠦ ᠵᠡᠷᠭᠡ ᠠᠭᠤᠯᠭ᠎ᠠ ᠶᠢᠨ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠯᠬᠡᠭᠰᠠᠨ ᠪᠠᠶᠢᠨ᠎ᠠ᠃      ᠬᠤᠷᠠᠯ ᠳᠤ ᠣᠷᠣᠯᠴᠠᠭᠰᠠᠨ ᠰᠤᠷᠤᠭᠴᠢᠳ᠂ ᠨᠢᠭᠡ ᠡᠳᠦᠷ ᠤᠨ ᠲᠥᠪᠯᠡᠷᠡᠩᠭᠦᠢ ᠰᠤᠷᠤᠯᠴᠠᠯᠭ᠎ᠠ ᠪᠠᠷ ᠳᠠᠮᠵᠢᠨ᠂ ᠦᠵᠡᠯ ᠰᠠᠨᠠᠭᠠᠨ ᠤ ᠲᠠᠯ᠎ᠠ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠤᠬᠠᠢ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠵᠠᠢ᠃ ᠪᠠᠭᠰᠢ ᠶᠢᠨ ᠬᠢᠴᠢᠶᠡᠯ ᠵᠢᠭᠠᠬᠤ ᠪᠠᠷ ᠲᠠᠮᠵᠢᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠠᠬᠢᠭᠤᠯᠬᠤ ᠠᠷᠭ᠎ᠠ ᠵᠠᠮ ᠪᠠ ᠠᠷᠭ᠎ᠠ ᠶᠢ ᠡᠵᠡᠮᠰᠢᠵᠦ᠂ ᠬᠤᠶᠢᠰᠢᠳᠠ ᠶᠢᠨ ᠠᠵᠢᠯ ᠤᠨ ᠦᠢᠯᠡᠳᠦᠯᠭᠡ ᠶᠢ ᠨᠡᠩ ᠰᠠᠶᠢᠨ ᠵᠢᠯᠤᠭᠤᠳᠴᠤ ᠪᠣᠯᠣᠨ᠎ᠠ᠃      ᠲᠣᠰ ᠤᠳᠠᠭᠠᠨ ᠤ ᠲᠥᠪᠯᠡᠷᠡᠩᠭᠦᠢ ᠪᠣᠯᠪᠠᠰᠤᠷᠠᠭᠤᠯᠤᠯ ᠢ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠡᠯ᠎ᠡ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠪᠠ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠭᠤᠣᠯᠯᠠᠭᠴᠢ ᠬᠦᠴᠦᠨ ᠤ ᠣᠨᠣᠯ ᠤᠨ ᠬᠢᠷᠢ ᠲᠦᠪᠰᠢᠨ ᠪᠠ ᠦᠢᠯᠡᠳᠦᠯᠭᠡ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠤᠨ ᠨᠡᠮᠡᠭᠳᠠᠯ ᠢ ᠠᠬᠢᠭᠤᠯᠬᠤ ᠶᠤᠮ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ