8 ᠰᠠᠷ᠎ᠠ ᠶᠢᠨ 19 ᠤ ᠡᠳᠦᠷ᠂ ᠤᠷᠠᠳ ᠤᠨ ᠡᠮᠦᠨᠡᠲᠦ ᠬᠤᠰᠢᠭᠤ 2023 ᠣᠨ ᠤ ᠰᠤᠮᠤ ᠪᠠᠯᠭᠠᠰᠤ᠂ ᠮᠠᠯ ᠲᠠᠷᠢᠶᠠᠯᠠᠩ ᠤᠨ ᠲᠠᠯᠠᠪᠤᠷ ᠤᠨ ᠨᠠᠮ ᠤᠨ | ᠬᠤᠷᠢᠶᠠᠨ ᠤ ᠱᠦᠵᠢ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ︾ ᠲᠣᠭᠤᠷᠢᠨ ᠦᠵᠡᠵᠦ ᠬᠠᠮᠲᠤᠷᠠᠨ ᠦᠨᠡᠯᠡᠬᠦ ᠠᠵᠢᠯᠯᠠᠭ᠎ᠠ ᠨᠢ | ᠵᠣᠬᠢᠶᠠᠨ ᠪᠠᠶᠢᠭᠤᠯᠵᠤ ᠦᠷᠨᠢᠭᠦᠯᠦᠭᠰᠡᠨ ᠪᠠᠶᠢᠨ᠎ᠠ᠃ ᠰᠤᠶᠤᠯᠲᠤ᠂ ᠸᠠᠩ ᠵᠢᠶᠦ᠋ᠨ ᠵᠢᠶᠧ᠂ ᠸᠠᠩ ᠷᠦᠢ᠂ ᠠᠯᠳᠠᠠᠭᠤᠯᠠ ᠵᠡᠷᠭᠡ ᠳᠥᠷᠪᠡᠨ ᠶᠡᠭᠡ ᠤᠳᠤᠷᠢᠳᠬᠤ | ᠪᠠᠭ ᠤᠨ ᠤᠳᠤᠷᠢᠳᠤᠯᠭ᠎ᠠ ᠵᠢᠴᠢ ᠲᠣᠭᠤᠷᠢᠨ ᠦᠵᠡᠵᠦ ᠬᠠᠮᠲᠤᠷᠠᠨ ᠦᠨᠡᠯᠡᠬᠦ ᠳᠤᠭᠤᠶᠢᠯᠠᠩ ᠤᠨ ᠪᠦᠷᠢᠯᠳᠦᠭᠦᠨ᠂ ᠡᠯ᠎ᠡ ᠰᠤᠮᠤ ᠪᠠᠯᠭᠠᠰᠤ᠂ ᠮᠠᠯ ᠲᠠᠷᠢᠶᠠᠯᠠᠩ ᠤᠨ | ᠲᠠᠯᠠᠪᠤᠷ ᠤᠨ ᠨᠠᠮ ᠤᠨ ᠬᠤᠷᠢᠶ᠎ᠠ ᠶᠢᠨ ᠱᠦᠵᠢ ᠨᠠᠷ ᠲᠤᠬᠠᠢ ᠶᠢᠨ ᠲᠠᠯᠠᠪᠤᠷ ᠤᠨ ᠠᠵᠢᠯᠯᠠᠭ᠎ᠠ ᠳᠤ ᠣᠷᠣᠯᠴᠠᠪᠠ᠃ | ᠦᠵᠡᠭᠦᠯᠦᠯᠭᠡ ᠶᠢᠨ ᠪᠦᠯᠬᠦᠮ ᠤᠨ ᠬᠢᠨ ᠤᠷᠢᠳ ᠬᠤᠵᠢᠳ ᠪᠠᠷᠠᠭᠤᠨ ᠪᠠᠭ᠎ᠠ ᠵᠣᠣ ᠪᠠᠯᠭᠠᠰᠤᠨ ᠤ ᠸᠠᠨ ᠲᠠᠢ ᠭᠦᠩ ᠲᠣᠰᠬᠤᠨ᠂ ᠰᠢ ᠰᠢᠶᠣᠣ ᠵᠣᠣ | ᠪᠠᠯᠭᠠᠰᠤᠨ ᠤ ᠹᠦ᠋ ᠱᠧᠩ ᠲᠣᠰᠬᠤᠨ᠂ ᠰᠤᠳᠠᠯ ᠤᠨ ᠬᠤᠳᠳᠤᠭ ᠲᠠᠷᠢᠶᠠᠯᠠᠩ ᠤᠨ ᠲᠠᠯᠠᠪᠤᠷ ᠤᠨ ᠬᠤᠶᠠᠳᠤᠭᠠᠷ ᠬᠤᠪᠢᠶᠠᠷᠢ ᠳᠡᠯᠠᠪᠠᠢ᠂ ᠰᠤᠳᠠᠯ ᠤᠨ ᠬᠤᠳᠳᠤᠭ | ᠪᠠᠯᠭᠠᠰᠤᠨ ᠤ ᠵᠣᠣ ᠭᠧ ᠲᠠᠢ ᠲᠣᠰᠬᠤᠨ᠂ ᠰᠤᠳᠠᠯ ᠤᠨ ᠬᠤᠳᠳᠤᠭ ᠪᠠᠯᠭᠠᠰᠤᠨ ᠤ ᠰᠤᠳᠠᠯ ᠤᠨ ᠬᠤᠳᠳᠤᠭ ᠲᠣᠰᠬᠤᠨ᠂ ᠰᠢᠨ ᠠᠨ ᠪᠠᠯᠭᠠᠰᠤᠨ ᠤ ᠱᠤ᠋ ᠯᠢᠨ ᠽᠢ | ᠲᠣᠰᠬᠤᠨ᠂ ᠰᠢᠨ ᠠᠨ ᠪᠠᠯᠭᠠᠰᠤᠨ ᠤ ᠰᠢᠶᠠᠨ ᠹᠧᠩ ᠲᠣᠰᠬᠤᠨ᠂ ᠰᠢᠨ ᠠᠨ ᠲᠠᠷᠢᠶᠠᠯᠠᠩ ᠤᠨ ᠲᠠᠯᠠᠪᠠᠢ᠂ ᠮᠤᠨᠠ ᠠᠭᠤᠯᠠ ᠪᠠᠯᠭᠠᠰᠤᠨ ᠤ ᠲᠠᠷᠢᠶᠠᠯᠠᠩ ᠤᠨ | ᠲᠠᠯᠠᠪᠤᠷ ᠤᠨ ᠨᠢᠭᠡᠳᠦᠭᠡᠷ ᠬᠤᠪᠢᠶᠠᠷᠢ ᠲᠠᠯᠠᠪᠠᠢ᠂ ᠳ᠋ᠦᠩ ᠹᠧᠩ ᠬᠤᠶᠠᠳᠤᠭᠠᠷ ᠨᠡᠶᠢᠭᠡᠮ ᠲᠣᠭᠤᠷᠢᠭ ᠤᠨ ᠶᠢᠨ ᠰᠢᠤ ᠶᠤᠸᠠᠨ ᠰᠠᠭᠤᠭᠠᠯᠢ ᠲᠣᠭᠤᠷᠢᠭ ᠵᠡᠷᠭᠡ 10 | ᠦᠵᠡᠭᠦᠯᠦᠯᠭᠡ ᠶᠢᠨ ᠴᠡᠭ ᠲᠤ ᠬᠦᠷᠴᠦ᠂ ᠲᠠᠷᠢᠶᠠᠨ ᠭᠠᠵᠠᠷ ᠲᠤ ᠭᠦᠨᠵᠡᠭᠡᠶᠢᠷᠡᠨ᠂ ᠲᠥᠷᠥᠯ ᠵᠦᠢᠯ ᠤᠨ ᠲᠤᠬᠠᠢ ᠶᠢᠨ ᠳᠠᠯᠠᠪᠠᠢ ᠳᠤ ᠬᠦᠷᠴᠦ᠂ ᠰᠣᠨᠣᠰᠬᠤ ᠶᠢᠨ | ᠳᠠᠭᠠᠤ ᠦᠵᠡᠵᠦ᠂ ᠪᠣᠳᠣᠯᠭᠢᠯᠠᠬᠤ ᠶᠢᠨ ᠳᠠᠭᠠᠤ ᠵᠥᠪᠯᠡᠵᠦ᠂ ᠡᠯ᠎ᠡ ᠲᠣᠰᠬᠤᠨ᠂ ᠲᠠᠷᠢᠶᠠᠯᠠᠩ ᠤᠨ ᠲᠠᠯᠠᠪᠡᠢ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠠᠶᠢᠯ ᠲᠣᠰᠬᠤᠨ ᠤ ᠲᠦᠯᠦᠪᠵᠢᠭᠦᠯᠭᠡ᠂ ᠠᠵᠤ ᠦᠢᠯᠡᠰ ᠤᠨ ᠬᠦᠭᠵᠢᠯᠲᠡ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠨᠠᠷᠢᠨ ᠣᠶᠢᠯᠠᠭᠠᠭᠰᠠᠨ ᠪᠠᠶᠢᠨ᠎ᠠ᠃ | ᠰᠢ ᠰᠢᠶᠣᠣ ᠵᠣᠤ ᠪᠠᠯᠭᠠᠰᠤ ︽ᠬᠤᠲᠤᠭᠤᠷ ᠭᠠᠵᠠᠷ︾ ᠢ ᠠᠰᠢᠭᠯᠠᠨ ᠬᠤᠵᠢᠷᠰᠢᠭᠰᠠᠨ ᠭᠠᠵᠠᠷ ᠲᠤ ᠤᠨᠴᠠᠯᠢᠭᠲᠤ ᠲᠡᠵᠢᠭᠡᠨ ᠦᠷᠡᠵᠢᠭᠦᠯᠬᠦᠦᠢᠯᠡᠰ ᠡᠷᠭᠢᠯᠡᠵᠦ | ᠂ ᠰᠤᠳᠠᠯ ᠤᠨ ᠬᠤᠳᠳᠤᠭ ᠪᠠᠯᠭᠠᠰᠤᠨ ᠤ ᠲᠠᠷᠢᠶᠠᠯᠠᠩ ᠤᠨ ᠳᠠᠯᠠᠪᠠᠢ ᠶᠢᠨ ᠨᠠᠢᠮᠠᠨ ᠲᠦᠮᠡᠨ ᠮᠤ᠋ ᠨᠠᠷᠠᠨ ᠬᠤᠸᠠᠷ ᠤᠨ ᠠᠵᠤ ᠦᠢᠯᠡᠰ ᠤᠨ ᠬᠦᠷᠢᠶᠡᠯᠡᠩ᠂ ᠰᠤᠳᠠᠯ ᠤᠨ | ᠬᠤᠳᠳᠤᠭ ᠪᠠᠯᠭᠠᠰᠤᠨ ᠤ ᠲᠦᠮᠡᠨ ᠮᠤ᠋ ᠶᠢᠨ ᠥᠨᠳᠥᠷ ᠪᠦᠲᠦᠮᠵᠢᠲᠡᠢ ᠤᠰᠤ ᠠᠷᠪᠢᠯᠠᠵᠤ ᠤᠰᠤ ᠡᠵᠡᠮᠳᠡᠬᠦ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ᠂ | ᠰᠢᠨ ᠠᠨ ᠪᠠᠯᠭᠠᠰᠤᠨ ᠤ ᠢᠳᠡᠭᠡᠨ ᠪᠤᠯᠪᠠᠰᠤᠷᠠᠭᠤᠯᠬᠤ ᠠᠵᠤ ᠦᠢᠯᠡᠰ ᠤᠨ ᠲᠣᠭᠤᠷᠢᠭ᠂ ᠮᠤᠨᠠ ᠠᠭᠤᠯᠠ ᠪᠠᠯᠭᠠᠰᠤᠨ ᠤ ᠲᠠᠷᠢᠶᠠᠯᠠᠩ ᠤᠨ ᠳᠠᠯᠠᠪᠠᠢ᠂ ᠮᠤᠨᠠ ᠠᠭᠤᠯᠠ | ᠪᠠᠯᠭᠠᠰᠤᠨ ᠤ ᠰᠠᠭᠤᠭᠠᠯᠢ ᠲᠣᠭᠤᠷᠢᠭ ᠤᠨ ᠦᠨᠳᠦᠰᠦᠨ ᠱᠠᠳᠦᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠵᠡᠷᠭᠡ ᠨᠢ ᠬᠠᠮᠤᠭ ᠤᠨ ᠭᠤᠶᠤ ᠲᠥᠷᠥᠯ ᠵᠦᠢᠯ᠂ | ᠬᠠᠮᠤᠭ ᠤᠨ ᠪᠤᠲᠠᠲᠠᠢ ᠦᠷ᠎ᠡ ᠪᠦᠲᠦᠭᠡᠯ᠂ ᠬᠠᠮᠤᠭ ᠤᠨ ᠰᠠᠶᠢᠨ ︽ᠬᠠᠷᠢᠭᠤᠯᠲᠠ ᠶᠢᠨ ᠬᠠᠭᠤᠳᠠᠰᠤ︾ ᠶᠢ ᠥᠭᠴᠦ᠂ ᠣᠯᠠᠨ ᠢᠶᠠᠷ ᠢᠶᠠᠨ ᠬᠠᠷᠢᠯᠴᠠᠨ ᠠᠰᠠᠭᠤᠯᠲᠠ | ᠳᠤᠷᠠᠳᠴᠦ ᠦᠨᠡᠯᠡᠯᠲᠡ ᠬᠢᠵᠦ᠂ ᠰᠠᠨᠠᠭᠠᠴᠢᠯᠠᠭ᠎ᠠ ᠠᠴᠠ ᠪᠠᠨ ᠵᠦᠷᠢᠶ᠎ᠡ ᠪᠠᠨ ᠡᠷᠢᠵᠤ᠂ ᠰᠢᠯᠲᠠᠭᠠᠨ ᠢ ᠨᠢ ᠪᠠᠶᠢᠴᠠᠭᠠᠵᠤ᠄ ᠠᠰᠠᠭᠤᠳᠠᠯ ᠢ ᠢᠯᠡᠷᠡᠭᠦᠯᠦᠨ᠂ ᠭᠦᠷᠦᠯᠴᠡᠭᠦ | ᠦᠭᠡᠢ ᠲᠠᠯ᠎ᠠ ᠪᠠᠨ ᠪᠠᠶᠢᠴᠠᠭᠠᠨ ᠦᠵᠡᠵᠦ᠂ ᠴᠢᠭᠯᠡᠯ ᠢᠶᠠᠨ ᠲᠣᠳᠤᠷᠬᠠᠶᠢᠯᠠᠨ ᠠᠵᠢᠯ ᠢᠶᠠᠨ ᠴᠡᠭᠴᠡᠯᠡᠨ ᠰᠠᠶᠢᠵᠢᠷᠠᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠭᠦ ᠶᠢ ᠢᠳᠡᠪᠬᠢᠲᠡᠢ ᠠᠬᠢᠭᠤᠯᠵᠤ᠂ ᠲᠤᠰ ᠤᠳᠠᠭᠠᠨ ᠤ ᠦᠵᠡᠭᠦᠯᠦᠯᠭᠡ ᠶᠢᠨ ᠬᠠᠮᠲᠤᠷᠠᠭᠰᠠᠨ ᠦᠨᠡᠯᠡᠯᠲᠡ ᠶᠢᠨ ᠠᠵᠢᠯᠯᠠᠭ᠎ᠠ ᠳᠤ ᠰᠢᠨ᠎ᠡ ᠬᠡᠪ | ᠵᠠᠭᠪᠤᠷ᠂ ᠰᠢᠨ᠎ᠡ ᠰᠡᠳᠬᠢᠴᠡ᠂ ᠰᠢᠨ᠎ᠡ ᠭᠢᠯᠠᠰ ᠴᠡᠭ ᠲᠠᠰᠤᠷᠠᠯᠲᠠ ᠦᠭᠡᠢ ᠢᠯᠠᠷᠠᠨ ᠭᠠᠷᠤᠭᠰᠠᠨ ᠪᠠᠶᠢᠨ᠎ᠠ᠃ | ᠣᠯᠠᠨ ᠢᠶᠠᠷ ᠢᠶᠠᠨ᠂ ᠲᠡᠷᠢᠭᠦᠨ ᠤ ᠲᠤᠷᠰᠢᠯᠭ᠎ᠠ ᠶᠢ ᠳᠠᠷᠤᠤ ᠬᠢᠴᠢᠶᠡᠩᠭᠦᠢ ᠪᠠᠷ ᠰᠤᠷᠤᠯᠴᠠᠵᠤ᠂ ᠭᠦᠷᠦᠯᠴᠡᠭᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠷᠴᠢ ᠵᠣᠷᠢᠭ ᠢᠶᠠᠨ ᠳᠠᠭᠢᠨ ᠬᠥᠪᠴᠢᠯᠡᠵᠦ᠂ ᠠᠷᠭ᠎ᠠ | ᠬᠡᠮᠵᠢᠶ᠎ᠡ ᠪᠠᠨ ᠨᠡᠮᠡᠭᠳᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠳᠥᠮᠵᠢ ᠣᠯᠬᠤ ᠶᠢ ᠪᠦᠭᠦ ᠬᠦᠴᠦᠨ ᠢᠶᠠᠷ ᠢᠶᠠᠨ | ᠠᠬᠢᠭᠤᠯᠤᠨ᠂ ︽ᠴᠠᠭ ᠦᠶ᠎ᠡ ᠶᠢᠨ ᠭᠠᠶᠢᠬᠠᠮᠰᠢᠭᠲᠤ ᠵᠢᠷᠤᠭ︾ ᠢᠶᠠᠷ ︽ᠠᠮᠢ ᠠᠬᠤᠷ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠣᠯᠠᠨ ᠪᠠᠶᠠᠵᠢᠭᠰᠠᠨ︾ | ᠬᠠᠨᠤᠮᠵᠢᠲᠠᠢ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠬᠤᠶᠠᠷ ᠡᠳᠦᠷ ᠬᠠᠭᠠᠰ ᠤᠨ ᠬᠤᠭᠤᠴᠠᠭ᠎ᠠ ᠲᠠᠢ ᠶᠠᠪᠤᠭᠳᠠᠵᠤ᠂ ᠦᠵᠡᠭᠦᠯᠦᠯᠭᠡ ᠶᠢᠨ ᠪᠦᠯᠭᠦᠮ ᠨᠢ | ᠠᠵᠤ ᠦᠢᠯᠡᠰ ᠤᠨ ᠬᠥᠭᠵᠢᠯᠲᠡ ᠶᠢᠨ ᠬᠡᠪ ᠵᠠᠭᠪᠦᠷ ᠰᠢᠯᠢᠳᠡᠭ᠂ ᠬᠠᠮᠲᠤ ᠶᠢᠨ ᠠᠵᠤ ᠠᠬᠤᠢ ᠶᠢᠨ ᠦᠷ᠎ᠡ ᠠᠰᠢᠭ ᠴᠢᠩᠭ᠎ᠠ᠂ ᠦᠨᠳᠦᠰᠦᠨ ᠱᠠᠲᠤᠨ ᠤ ᠵᠠᠰᠠᠯᠲᠠ ᠶᠢᠨ | ᠠᠷᠭ᠎ᠠ ᠰᠢᠨ᠎ᠡ᠂ ᠵᠢᠭᠰᠠᠭᠠᠯ ᠤᠨ ᠭᠠᠵᠠᠷ ᠤᠨ ᠦᠢᠯᠡᠴᠢᠯᠡᠭᠡᠨ ᠤ ᠴᠢᠳᠠᠮᠵᠢ ᠰᠠᠶᠢᠨ ᠦᠵᠡᠭᠦᠯᠦᠯᠭᠡ ᠶᠢᠨ ᠴᠡᠭ ᠲᠤ ᠬᠦᠷᠴᠦ᠂ ︽ᠪᠣᠳᠠᠲᠣ ᠠᠮᠵᠢᠯᠲᠠ ᠶᠢᠨ | ᠦᠵᠡᠭᠦᠯᠦᠯᠭᠡ + ᠲᠤᠬᠠᠢ ᠶᠢᠨ ᠳᠠᠯᠠᠪᠤᠷ ᠤᠨ ᠳᠡᠶᠢᠯᠤᠮᠵᠢ︾ ᠶᠢᠨ ᠭᠡᠯᠪᠡᠷᠢ ᠪᠠᠷ ᠳᠡᠮᠵᠢᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠠᠵᠤ ᠦᠢᠯᠡᠰ ᠤᠨ | ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠶᠢᠨ ᠲᠣᠭᠤᠷᠢᠨ ᠳᠤ ᠬᠠᠮᠳᠤᠷᠠᠨ ᠦᠨᠡᠯᠡᠯᠲᠡ ᠬᠢᠵᠦ᠂ ᠦᠨᠳᠦᠰᠦᠨ ᠱᠠᠲᠤᠨ ᠤ ᠺᠠᠳ᠋ᠷᠴᠤᠳ ᠤᠨ | ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠬᠦᠭᠵᠢᠭᠡᠨ᠂ ᠪᠦᠭᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ | ᠴᠤᠭᠴᠠᠯᠠᠬᠤ ᠢᠳᠡᠪᠬᠢᠵᠢᠯ ᠢ ᠬᠥᠭᠵᠢᠭᠡᠵᠦ ᠴᠢᠳᠠᠭᠰᠠᠨ ᠪᠠᠶᠢᠨ᠎ᠠ᠃ | | | |