ᠤᠷᠠᠳ ᠤᠨ ᠡᠮᠦᠨᠡᠲᠦ ᠬᠤᠰᠢᠭᠤ 2022 ᠣᠨ ᠤ ᠪᠣᠳᠠᠲᠤ ᠠᠮᠵᠢᠯᠲᠠ ᠶᠢᠨ ᠬᠢᠨᠠᠨ ᠰᠢᠯᠭᠠᠷᠠᠭᠤᠯᠤᠯᠲᠠ ᠶᠢᠨ ᠲᠣᠪᠤᠶᠢᠮ᠎ᠠ ᠨᠢᠭᠡᠴᠢ ᠪᠣᠯᠤᠨ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠠᠯᠪᠠᠲᠠᠨ ᠢ ᠬᠥᠬᠢᠭᠦᠯᠦᠨ ᠰᠠᠶᠢᠰᠢᠶᠠᠬᠤ ᠵᠢᠴᠢ 2023 ᠣᠨ ᠤ ᠰᠢᠨ᠎ᠡ ᠪᠠᠷ ᠡᠯᠰᠡᠭᠰᠡᠨ ᠠᠯᠪᠠᠲᠠᠨ ︵ᠰᠣᠩᠭᠤᠨ ᠰᠢᠯᠵᠢᠭᠦᠯᠦᠭᠰᠡᠨ ᠰᠣᠷᠣᠭᠴᠢ︶ ᠤ ᠠᠭᠤᠯᠵᠠᠯᠲᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2023/9/11
      8 ᠰᠠᠷ᠎ᠠ ᠶᠢᠨ 23 ᠤ ᠡᠳᠦᠷ᠂ ᠤᠷᠠᠳ ᠤᠨ ᠡᠮᠦᠨᠡᠲᠦ ᠬᠤᠰᠢᠭᠤ 2022 ᠣᠨ ᠤ ᠪᠣᠳᠠᠲᠤ ᠠᠮᠵᠢᠯᠲᠠ ᠶᠢᠨ ᠬᠢᠨᠠᠨ ᠰᠢᠯᠭᠠᠯᠲᠠ ᠶᠢᠨ ᠲᠣᠪᠤᠶᠢᠮ᠎ᠠ ᠨᠢᠭᠡᠴᠢ ᠪᠠ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠠᠯᠪᠠᠲᠠᠨ ᠢ ᠬᠥᠬᠢᠭᠦᠯᠦᠨ ᠰᠠᠶᠢᠰᠢᠶᠠᠬᠤ ᠵᠢᠴᠢ 2023 ᠣᠨ ᠤ ᠰᠢᠨ᠎ᠡ ᠪᠠᠷ ᠡᠯᠰᠡᠭᠰᠡᠨ ᠠᠯᠪᠠᠲᠠᠨ ︵ᠰᠣᠩᠭᠤᠨ ᠰᠢᠯᠵᠢᠭᠦᠯᠦᠭᠰᠡᠨ ᠰᠣᠷᠣᠭᠴᠢ︶ ᠤ ᠠᠭᠤᠯᠵᠠᠯᠲᠠ ᠶᠢᠨ ᠬᠤᠷᠠᠯ ᠬᠢᠪᠠ᠃       ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠨ ᠬᠤᠸᠠᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠭᠧᠨ ᠬᠤ᠋ ᠬᠤᠷᠠᠯ ᠢ ᠡᠷᠭᠢᠯᠡᠵᠦ᠂ ᠬᠤᠰᠢᠭᠤᠨ ᠤ ᠤᠳᠤᠷᠢᠳᠤᠯᠭ᠎ᠠ ᠤᠷᠢᠬᠠᠨ᠂ ᠰᠢᠩ ᠬᠤᠤ ᠳ᠋ᠦᠩ᠂ ᠭᠡᠷᠡᠯ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠬᠢᠨᠠᠨ ᠰᠢᠯᠭᠠᠯᠲᠠ ᠶᠢᠨ ᠪᠣᠳᠠᠲᠤ ᠪᠦᠲᠦᠮᠵᠢ ᠪᠠᠷ ᠲᠣᠪᠤᠶᠢᠮ᠎ᠠ ᠨᠢᠭᠡᠴᠢ ᠪᠠ ᠭᠤᠷᠪᠠᠳᠤᠭᠠᠷ ᠳᠡᠰ ᠤᠨ ᠭᠠᠪᠢᠶᠠᠲᠤ ᠠᠯᠪᠠᠲᠠᠨ ᠢ ᠬᠥᠬᠢᠭᠦᠯᠦᠨ ᠰᠠᠶᠢᠰᠢᠶᠠᠵᠤ᠂ ᠭᠤᠷᠪᠠᠳᠤᠭᠠᠷ ᠳᠡᠰ ᠤᠨ ᠭᠠᠪᠢᠶᠠᠲᠤ ᠠᠯᠪᠠᠲᠠᠨ ᠤ ᠲᠥᠯᠥᠭᠡᠯᠡᠭᠴᠢ ᠪᠠ ᠰᠢᠨ᠎ᠡ ᠪᠠᠷ ᠡᠯᠰᠡᠭᠰᠡᠨ ᠠᠯᠪᠠᠲᠠᠨ ︵ᠰᠣᠩᠭᠤᠨ ᠰᠢᠯᠵᠢᠭᠦᠯᠦᠭᠰᠡᠨ ᠰᠣᠷᠣᠭᠴᠢ︶ ᠤ ᠲᠥᠯᠥᠭᠡᠯᠡᠭᠴᠢ ᠲᠣᠰ ᠲᠣᠰ ᠶᠡᠷᠢᠶ᠎ᠠ ᠲᠠᠯᠪᠢᠵᠤ᠂ ᠲᠤᠬᠠᠶ ᠶᠢᠨ ᠲᠠᠯᠠᠪᠠᠶ ᠳᠤ ᠪᠠᠰᠠ ᠬᠠᠮᠲᠤ ᠪᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃       ᠬᠤᠷᠠᠯ ᠠᠴᠠ᠂ ᠰᠢᠨ᠎ᠡ ᠪᠠᠷ ᠠᠵᠢᠯ ᠳᠤ ᠣᠷᠣᠭᠰᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠥᠷᠨᠢᠭᠦᠯᠬᠦ ᠭᠤᠣᠯ ᠰᠡᠳᠦᠪᠲᠦ ᠬᠥᠮᠦᠵᠢᠯ ᠤᠨ ᠠᠵᠠ ᠲᠣᠬᠢᠶᠠᠯ ᠢ ᠠᠰᠢᠭᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠦᠰᠡᠯᠡᠩ ᠢᠲᠡᠭᠡᠯ ᠪᠢᠰᠢᠷᠡᠯ ᠪᠣᠯᠤᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠬᠥᠮᠦᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠡᠷᠡᠰ ᠨᠠᠶᠢᠳᠠᠪᠤᠷᠢᠵᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠶᠡᠭᠡ ᠲᠠᠯ᠎ᠠ ᠶᠢ ᠴᠢᠬᠤᠯᠠᠴᠢᠯᠠᠵᠤ᠂ ᠠᠵᠢᠯ ᠦᠢᠯᠡᠰ ᠢ ᠴᠢᠬᠤᠯᠠᠴᠢᠯᠠᠵᠤ᠂ ᠡᠷᠳᠡᠮ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠲᠡᠬᠡᠨ ᠪᠡᠶ᠎ᠡ ᠪᠠᠨ ᠳᠠᠭᠠᠭᠠᠵᠤ ᠳᠡᠶᠢᠯᠬᠦ ᠭᠤᠣᠯ ᠲᠤᠯᠭᠠᠭᠤᠷᠢ ᠪᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠬᠡᠯᠲᠡᠰ ᠵᠣᠬᠢᠶᠠᠨ ᠪᠠᠶᠢᠭᠤᠯᠤᠯᠲᠠ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠵᠠᠯᠠᠭᠤ ᠺᠠᠳ᠋ᠷ ᠢ ᠢᠯᠡᠭᠦᠬᠡᠨ ᠬᠠᠯᠠᠮᠵᠢᠯᠠᠵᠤ᠂ ᠢᠯᠡᠭᠦᠬᠡᠨ ᠵᠣᠷᠢᠭᠵᠢᠭᠤᠯᠵᠤ᠂ ᠢᠯᠡᠭᠦᠬᠡᠨ ᠰᠠᠨᠠᠭᠤᠯᠬᠤ ᠬᠡᠷᠡᠭᠲᠡᠶ᠃ ᠰᠠᠯᠠᠭ᠎ᠠ ᠮᠦᠴᠢᠷ  ᠤᠨ ᠬᠠᠷᠢᠭᠤᠴᠠᠯᠭᠠᠲᠠᠨ ᠨᠥᠬᠦᠳ ᠤᠯᠠᠮᠵᠢᠯᠠᠨ ᠬᠠᠪᠰᠤᠷᠴᠦ ᠳᠠᠭᠠᠭᠤᠯᠬᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠠᠯᠠᠭᠤ ᠺᠠᠳ᠋ᠷᠴᠤᠳ ᠢ ᠬᠠᠪᠰᠤᠷᠤᠨ ᠠᠯᠢ ᠲᠦᠷᠭᠡᠨ ᠢᠶᠠᠷ ᠬᠦᠮᠦᠵᠢᠭᠦᠯᠵᠦ᠂ ᠨᠢᠷᠤᠭᠤ ᠲᠤᠯᠭᠠᠭᠤᠷᠢ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠨᠢᠭᠡᠴᠢ ᠪᠠ ᠬᠤᠪᠢ ᠬᠥᠮᠦᠨ ᠤ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠵᠣᠷᠢᠭᠲᠠᠢ ᠪᠠᠷ ᠤᠷᠤᠰᠬᠠᠯ ᠤᠨ ᠡᠮᠦᠨ᠎ᠡ ᠭᠠᠪᠰᠢᠭᠠᠶᠢᠯᠠᠵᠤ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠪᠥᠬᠦ ᠠᠯᠪᠠᠲᠠᠨ ᠤ ᠲᠡᠷᠢᠭᠦᠨ ᠤ ᠬᠢ ᠪᠠᠷ ᠳᠠᠭᠤᠷᠢᠶᠠᠯ ᠪᠣᠯᠭᠠᠨ᠂ ᠲᠡᠷᠢᠭᠦᠨ ᠤ ᠬᠢ ᠶᠢ ᠬᠠᠷᠠᠵᠤ ᠂ ᠢᠲᠡᠭᠡᠯ ᠵᠣᠷᠢᠭ ᠨᠢ ᠪᠠᠲᠤ ᠴᠢᠩᠭ᠎ᠠ᠂ ᠣᠯᠠᠨ ᠲᠦᠮᠡᠨ ᠳᠤ ᠦᠢᠯᠡᠴᠢᠯᠡᠳᠡᠭ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ᠂ ᠲᠥᠪ ᠭᠤᠤᠯᠴᠢ ᠠᠷᠢᠭᠤᠨ ᠴᠢᠬᠡᠴᠢ ᠰᠢᠯᠢᠳᠡᠭ ᠠᠯᠪᠠᠲᠠᠨ ᠤ ᠡᠩᠨᠡᠭᠡ ᠶᠢ ᠴᠢᠷᠮᠠᠶᠢᠨ ᠪᠠᠶᠢᠭᠤᠯᠵᠤ᠂ ︽ᠦᠢᠯᠡᠰ ᠬᠦᠭᠵᠢᠨ ᠠᠷᠠᠳ ᠨᠢ ᠴᠢᠨᠡᠭᠡᠯᠢᠭ᠂ ᠦᠵᠡᠮᠵᠢ ᠭᠤᠶᠤ ᠠᠷᠠᠳ ᠨᠢ ᠠᠮᠤᠭᠤᠯᠠᠩ᠂ ᠠᠭᠤᠰᠤᠯᠴᠠᠭᠰᠠᠨ ᠨᠡᠭᠡᠭᠡᠯᠲᠡ ᠲᠠᠢ︾ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ