ᠤᠷᠠᠳ ᠤᠨ ᠡᠮᠦᠨᠡᠲᠦ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/11
      9 ᠰᠠᠷ᠎ᠠ ᠶᠢᠨ 5 ᠤ ᠡᠳᠦᠷ᠂ ᠤᠷᠠᠳ ᠤᠨ ᠡᠮᠦᠨᠡᠲᠦ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠵᠤ᠂ ᠪᠦᠬᠦ ᠬᠤᠰᠢᠭᠤᠨ ᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠬᠠᠷᠠᠯᠲᠠ ᠶᠢᠨ ᠡᠭᠦᠷᠭᠡ ᠶᠢᠨ ᠲᠣᠭᠤᠷᠢᠨ ᠳᠤ᠂ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠵᠦᠢᠯ ᠲᠠᠷᠠᠭᠠᠯᠠᠨ ᠲᠦᠯᠬᠢᠨ ᠠᠬᠢᠭᠤᠯᠬᠤ ᠪᠠ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠬᠢᠨᠡᠨ ᠰᠢᠯᠭᠠᠯᠲᠠ ᠶᠢ ᠣᠭᠲᠣᠬᠤ ᠳᠤ ᠰᠠᠶᠢᠲᠤᠷ ᠪᠡᠯᠡᠳᠭᠡᠯ ᠬᠢᠵᠦ ᠪᠤᠢ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠤᠯᠢ ᠴᠠᠭᠠᠵᠠ ᠶᠢᠨ ᠬᠤᠷᠢᠶᠠᠨ  ᠤ ᠱᠦᠵᠢ ᠴᠢᠨ ᠬᠤᠸᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠶᠠᠨᠪᠢᠯᠢᠭ᠌ ᠬᠤᠷᠠᠯ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠤᠷᠭᠠᠨ ᠬᠥᠮᠥᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ  ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠰᠢᠭᠤᠨ ᠤ ︽ᠠᠷᠪᠠᠨ ᠨᠢᠭᠡ︾ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠰᠣᠳᠤᠨ ᠪᠦᠲᠦᠭᠡᠯ ᠤᠨ ᠦᠵᠡᠭᠦᠯᠦᠯᠭᠡ ᠶᠢᠨ ᠱᠤᠭᠤᠮ ᠵᠢᠴᠢ ᠡᠯ᠎ᠡ ᠵᠢᠱᠢᠶ᠎ᠡ ᠦᠵᠡᠭᠦᠯᠬᠦ ᠨᠢᠭᠡᠴᠢ ᠶᠢᠨ ︽ᠠᠷᠪᠠ ᠶᠢ ᠪᠠᠷᠢᠮᠵᠢᠶᠠᠵᠢᠭᠤᠯᠬᠤ︾ ᠶᠢ ᠪᠡᠶᠡᠯᠡᠭᠦᠯᠦᠭᠰᠡᠨ ᠪᠠᠶᠢᠳᠠᠯ ᠳᠤ ᠲᠣᠳᠣᠷᠬᠠᠶᠢᠯᠠᠯᠲᠠ ᠬᠢᠵᠦ᠂ ᠡᠭᠦᠳᠦᠨ ᠪᠠᠶᠢᠭᠤᠯᠬᠤ ᠠᠵᠢᠯ ᠤᠨ ︽ᠠᠷᠪᠠ ᠶᠢ ᠪᠠᠷᠢᠮᠵᠢᠶ᠎ᠠ ᠲᠠᠢ ᠪᠠᠶᠢᠯᠭᠠᠬᠤ︾ ᠳᠤ  ᠲᠠᠶᠢᠯᠤᠮᠵᠢ ᠬᠢᠭᠰᠡᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠪᠣᠯ ᠪᠠᠶᠠᠨᠨᠠᠭᠤᠷ ᠬᠤᠲᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠣᠭᠤᠮᠳᠠ ᠰᠢᠪᠲᠤᠯᠬᠤ ᠵᠢᠯ ᠪᠣᠯᠣᠨ᠎ᠠ᠂ ᠮᠥᠨᠴᠥ ᠤᠷᠠᠳ ᠤᠨ ᠡᠮᠦᠨᠡᠲᠦ ᠬᠤᠰᠢᠭᠤᠨ ᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠣᠭᠤᠮᠳᠠ ᠰᠢᠪᠳᠤᠯᠬᠤ ᠵᠢᠯ ᠪᠣᠯᠣᠨ᠎ᠠ᠃ ᠪᠥᠬᠦ ᠬᠤᠰᠢᠭᠤᠨ ᠤ ᠳᠡᠭᠡᠳᠦ ᠲᠣᠣᠷᠠᠳᠤ ᠱᠠᠲᠤᠨ ᠤ ᠬᠢᠨ ᠡᠷᠬᠡᠪᠰᠢ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠢ ᠲᠠᠨᠢᠵᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠤᠯᠤᠰ ᠲᠥᠷᠥ ᠶᠢᠨ ᠴᠢᠨᠠᠷᠲᠠᠢ ᠡᠭᠦᠷᠭᠡ᠂ ᠪᠦᠬᠦ ᠲᠠᠯ᠎ᠠ ᠶᠢᠨ ᠴᠢᠨᠠᠷᠲᠠᠢ ᠠᠵᠢᠯ ᠪᠣᠯᠭᠠᠨ ᠠᠳᠬᠤᠬᠤ ᠬᠡᠷᠡᠭᠲᠡᠢ᠃ ᠡᠷᠬᠡᠪᠰᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠬᠥᠨᠵᠡᠭᠡᠢ ᠡᠵᠡᠮᠰᠢᠬᠦ ᠬᠡᠷᠡᠭᠲᠡᠢ᠃ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠡᠭᠦᠳᠦᠨ ᠪᠠᠶᠢᠭᠤᠯᠬᠤ ᠠᠵᠢᠯ ᠢ  ᠦᠨᠡᠨᠬᠦ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ ᠭᠤᠣᠯᠳᠠᠯᠭ᠎ᠠ ᠲᠠᠢ ᠲᠦᠯᠭᠢᠨ ᠠᠬᠢᠭᠤᠯᠵᠤ᠂ ᠬᠠᠷᠢᠭᠤᠴᠠᠯᠭ᠎ᠠ ᠶᠢ ᠬᠥᠮᠥᠨ ᠳᠤ  ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ ᠪᠤᠳᠠᠲᠠᠢ ᠳᠤ  ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠵᠢᠯ ᠢ  ᠪᠦᠲᠦᠮᠵᠢᠲᠡᠢ ᠠᠬᠢᠭᠤᠯᠬᠤ ᠶᠢ ᠡᠷᠬᠡᠪᠰᠢ ᠪᠠᠳᠤᠯᠠᠬᠤ ᠬᠡᠷᠡᠭᠲᠡᠢ ᠭᠡᠪᠡ᠃      ᠬᠤᠷᠠᠯ ᠠᠴᠠ᠂ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢᠨ ᠰᠢᠯᠭᠠᠨ ᠲᠣᠭᠲᠠᠭᠠᠬᠤ ᠭᠦᠢᠴᠡᠳᠬᠡᠯ ᠲᠤᠭ᠎ᠠ ᠶᠢᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠲᠣᠰ ᠲᠣᠰ ᠤᠨ ᠠᠵᠢᠯ ᠤᠨ ᠪᠤᠳᠠᠲᠠᠢ ᠲᠠᠢ ᠪᠠᠨ ᠤᠶᠠᠯᠳᠤᠭᠤᠯᠤᠨ᠂ ᠡᠭᠦᠳᠦᠨ ᠪᠠᠶᠢᠭᠤᠯᠬᠤ ᠠᠵᠢᠯ ᠤᠨ ᠠᠴᠢᠶᠠᠯᠠᠪᠤᠷᠢ ᠶᠢ ᠭᠦᠨᠵᠡᠭᠡᠢ  ᠠᠭᠤᠳᠠᠯᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠬᠢᠨᠠᠮᠠᠭᠠᠢ ᠳ᠋ᠦᠩᠨᠡᠨ ᠪᠣᠯᠪᠠᠰᠤᠷᠠᠭᠤᠯᠬᠤ ᠬᠡᠷᠡᠭᠲᠡᠢ᠃ ᠡᠷᠬᠡᠪᠰᠢ ᠲᠡᠩᠰᠡ ᠡᠪᠬᠡᠮᠡᠯ ᠤᠨ ᠮᠠᠲ᠋ᠧᠷᠢᠶᠠᠯ ᠤᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠣᠨᠣᠪᠴᠢᠲᠠᠢ ᠂ ᠪᠥᠬᠦ ᠲᠠᠯ᠎ᠠ ᠪᠠᠷ᠂ ᠠᠮᠢᠳᠤᠯᠢᠭ ᠢᠶᠠᠷ ᠲᠤᠰᠬᠠᠵᠤ᠂ ᠡᠭᠦᠳᠦᠨ ᠪᠠᠶᠢᠭᠤᠯᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ᠂ ᠪᠤᠳᠠᠲᠠᠢ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠡᠭᠦᠨ ᠤ ᠬᠠᠮᠲᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠶᠢᠰᠦᠲᠦᠭᠡᠷ ᠰᠠᠷ᠎ᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠲᠠᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠭᠤᠣᠯ ᠬᠦᠭ ᠠᠶᠠᠰ︾ ᠢ  ᠴᠢᠪᠬᠠᠳᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠢᠳᠡᠪᠬᠢ ᠬᠦᠴᠦᠨ︾ ᠢ ᠨᠢᠭᠲᠠᠷᠠᠭᠤᠯᠵᠤ᠂ ᠪᠠᠶᠢᠴᠠᠭᠠᠯᠲᠠ ᠶᠢ ᠣᠭᠲᠣᠬᠤ ᠰᠢᠢᠳᠪᠦᠷᠢᠲᠦ ᠲᠠᠶᠢᠯᠠᠯᠳᠤᠭᠠᠨ ᠢ ᠡᠭᠦᠳᠦᠨ ᠪᠠᠶᠢᠭᠤᠯᠬᠤ ᠬᠠᠯᠠᠭᠤᠨ ᠦᠷᠨᠢᠯᠲᠡ ᠶᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ