ᠦᠶᠤᠸᠠᠨ ᠰᠢᠶᠠᠨ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠳᠠ ᠶᠢᠨ ᠦᠷᠳᠡᠭᠡ ᠳᠤ ᠰᠠᠭᠤᠭ᠎ᠠ ᠵᠢᠯᠣᠭᠤᠳᠤᠯᠭ᠎ᠠ ᠶᠢᠨ ᠪᠠᠶᠢᠳᠠᠯ ᠢ ᠬᠠᠷᠢᠭᠤ ᠲᠤᠰᠬᠠᠬᠤ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/11
      9 ᠰᠠᠷ᠎ᠠ ᠶᠢᠨ 4 ᠤ ᠡᠳᠦᠷ᠂ ᠦᠶᠤᠸᠠᠨ ᠰᠢᠶᠠᠨ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠳᠠ ᠶᠢᠨ ᠦᠷᠳᠡᠭᠡ ᠳᠤ ᠰᠠᠭᠤᠭ᠎ᠠ ᠵᠢᠯᠣᠭᠤᠳᠤᠯᠭ᠎ᠠ ᠶᠢᠨ ᠪᠠᠶᠢᠳᠠᠯ ᠢ ᠬᠠᠷᠢᠭᠤ ᠲᠤᠰᠬᠠᠬᠤ ᠪᠣᠯᠪᠠᠰᠤᠷᠠᠯ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦᠢ ᠬᠤᠸᠠ ᠳ᠋ᠦᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠱᠣᠤ ᠶᠦᠩ ᠪᠢᠨ᠂ ᠰᠦᠨ ᠮᠧᠶ ᠶᠢᠩ ᠬᠤᠷᠠᠯ ᠳᠤ ᠣᠷᠣᠯᠴᠠᠵᠠᠢ᠃ ᠰᠢᠶᠠᠨ ᠤ ᠰᠤᠮᠤ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠭᠤᠣᠯ ᠤᠳᠤᠷᠢᠳᠤᠯᠭ᠎ᠠ ᠪᠣᠯᠣᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠭᠦᠸᠧ ᠮᠢᠩ ᠸᠠᠩ ᠬᠤᠷᠠᠯ ᠢ ᠡᠷᠭᠢᠯᠡᠪᠡ᠃       ᠬᠤᠷᠠᠯ ᠠᠴᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠰᠦᠨ ᠯᠢ ᠰᠢᠨ ᠢ ᠤᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠢᠯ ᠤᠨ ᠡᠴᠦᠰ ᠤᠨ ᠬᠢᠨᠠᠨ ᠰᠢᠯᠭᠠᠵᠤ ᠦᠨᠡᠯᠡᠨ ᠵᠢᠱᠢᠬᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠳᠤ ᠠᠩᠬᠠᠷᠬᠤ ᠵᠦᠢᠯᠡᠰ ᠢ ᠤᠭᠲᠤᠬᠤ᠂ ᠡᠯ᠎ᠡ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠳᠤ ᠪᠤᠯᠪᠠᠰᠤᠷᠠᠯ ᠬᠢᠵᠦ ᠵᠢᠭᠠᠨ ᠵᠢᠯᠣᠭᠤᠳᠪᠠ᠃       ᠭᠦᠸᠧ ᠮᠢᠩ ᠸᠠᠩ ᠬᠤᠳᠠ ᠶᠢᠨ ᠲᠡᠰ ᠤᠨ ᠦᠷᠳᠡᠭᠡ ᠳᠤ ᠰᠠᠭᠤᠭ᠎ᠠ ᠵᠢᠯᠣᠭᠤᠳᠤᠯᠭ᠎ᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠮᠡᠳᠡᠭᠳᠡᠭᠰᠡᠨ ᠪᠥᠭᠡᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠭᠦᠸᠧ ᠮᠢᠩ ᠸᠠᠩ ᠴᠢᠬᠤᠯᠠᠴᠢᠯᠠᠭᠰᠠᠨ ᠨᠢ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠬᠠᠷᠢᠭᠤ ᠲᠤᠰᠬᠠᠭᠰᠠᠨ 4 ᠲᠠᠯ᠎ᠠ ᠲᠠᠢ ᠬᠠᠷᠢᠴᠠᠭᠤᠯᠤᠨ᠂ 23 ᠠᠰᠠᠭᠤᠳᠠᠯ ᠢᠶᠠᠷ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ︔ ᠵᠣᠭᠰᠣᠴᠠ ᠪᠠᠨ ᠳᠡᠭᠡᠭᠰᠢᠯᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ᠂ ᠪᠠᠶᠢᠴᠠᠭᠠᠯᠲᠠ ᠶᠢ ᠤᠭᠲᠤᠬᠤ ᠠᠵᠢᠯ ᠢ ᠣᠳᠣᠬᠠᠨ ᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠱᠦᠵᠢ ᠲᠦᠷᠦᠭᠦᠯᠡᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ ᠠᠳᠬᠤᠬᠤ᠂ ᠠᠵᠢᠯ ᠲᠦᠷᠦᠯ ᠰᠠᠯᠠᠭ᠎ᠠ ᠮᠥᠴᠢᠷ ᠬᠠᠮᠵᠢᠯᠴᠠᠨ ᠠᠳᠬᠤᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠬᠤ ᠳᠤᠮᠳᠠ ᠬᠠᠷᠢᠭᠤ ᠲᠤᠰᠬᠠᠭᠰᠠᠨ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ︔ ᠴᠠᠭ ᠤᠨ ᠵᠠᠩᠭᠢᠯᠠᠭ᠎ᠠ ᠶᠢᠨ ᠴᠡᠭ ᠢ ᠡᠵᠡᠮᠳᠡᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠴᠠᠭ ᠤᠨ ᠵᠠᠩᠭᠢᠯᠠᠭ᠎ᠠ ᠶᠢᠨ ᠴᠡᠭ ᠤᠨ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠲᠥᠰᠥᠯ ᠪᠣᠯᠣᠨ ᠡᠬᠡ ᠲᠠᠩᠰᠠ ᠲᠠᠢ ᠬᠠᠷᠢᠴᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠵᠤ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠦᠷᠭᠡᠨ ᠪᠡᠶᠡᠯᠡᠭᠦᠯᠵᠦ᠂ ᠬᠠᠮᠢᠶ᠎ᠠ ᠪᠦᠬᠦᠢ ᠭᠡᠷᠡᠴᠢᠯᠡᠬᠦ  ᠮᠠᠲ᠋ᠧᠷᠢᠶᠠᠯ ᠢ ᠲᠡᠭᠦᠯᠳᠡᠷᠵᠢᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠦᠨᠡᠨᠬᠦ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠠᠶᠢᠴᠠᠭᠠᠵᠤ ᠰᠢᠯᠭᠠᠨ ᠠᠪᠬᠤ᠂ ᠬᠢᠨᠠᠨ ᠰᠢᠯᠭᠠᠵᠤ ᠦᠨᠡᠯᠡᠨ ᠵᠢᠱᠢᠬᠦ ᠶᠢ ᠤᠭᠲᠤᠬᠤ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ