ᠦᠶᠤᠸᠠᠨ ᠰᠢᠶᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/11
      9 ᠰᠠᠷ᠎ᠠ ᠶᠢᠨ 5 ᠤ ᠡᠳᠦᠷ᠂ ᠦᠶᠤᠸᠠᠨ ᠰᠢᠶᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠮᠥᠩᠬᠡᠴᠢᠯᠠᠭᠤ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠦ᠋ ᠭᠠᠩ ᠬᠤᠷᠠᠯ ᠢ ᠡᠷᠭᠢᠯᠡᠪᠡ᠃       ᠬᠤᠷᠠᠯ ᠠᠴᠠ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠠᠵᠢᠯ ᠤᠨ ᠡᠬᠡ ᠳᠠᠩᠰᠠ ᠶᠢ ᠨᠠᠷᠢᠯᠢᠭᠵᠢᠭᠤᠯᠤᠨ ᠵᠠᠳᠠᠯᠤᠭᠰᠠᠨ ᠤ ᠬᠠᠮᠲᠤ ᠡᠭᠦᠳᠦᠨ ᠪᠠᠶᠢᠭᠤᠯᠬᠤ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠢᠬᠤᠯᠠ ᠠᠷᠭ᠎ᠠ ᠬᠡᠮᠵᠢᠶ᠎ᠡ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠢ ᠡᠯ᠎ᠡ ᠲᠠᠯ᠎ᠠ ᠡᠯ᠎ᠡ ᠬᠦᠷᠢᠶᠡᠨ ᠳᠤ ᠠᠭᠤᠰᠤᠯᠴᠠᠭᠤᠯᠬᠤ ᠬᠡᠷᠡᠭᠲᠡᠢ᠃ ᠡᠭᠦᠷᠭᠡ ᠶᠢᠨ ᠠᠭᠤᠯᠭ᠎ᠠ᠂ ᠪᠡᠶᠡᠯᠡᠭᠦᠯᠬᠦ ᠴᠠᠭ ᠬᠤᠭᠤᠴᠠᠭ᠎ᠠ᠂ ᠳᠠᠷᠤᠯᠲᠠ ᠶᠢ ᠭᠡᠳᠡᠷᠬᠦ ᠰᠢᠬᠠᠬᠤ᠂ ᠬᠠᠷᠢᠭᠤᠴᠠᠯᠭ᠎ᠠ ᠶᠢ ᠭᠡᠳᠡᠷᠬᠦ ᠰᠢᠬᠠᠬᠤ᠂ ᠴᠠᠭ ᠬᠤᠭᠤᠴᠠᠭ᠎ᠠ ᠶᠢ ᠭᠡᠳᠡᠷᠬᠦ ᠰᠢᠬᠠᠬᠤ᠂ ᠨᠢᠭᠡ ᠨᠢᠭᠡ ᠪᠠᠷ ᠨᠠᠶᠢᠳᠠᠪᠤᠷᠢᠵᠢᠭᠤᠯᠬᠤ᠂ ᠴᠠᠭ ᠬᠤᠭᠤᠴᠠᠭ᠎ᠠ ᠶᠢᠨ ᠲᠠᠯ᠎ᠠ ᠪᠠᠷ ᠪᠠᠲᠤᠯᠠᠭ᠎ᠠ ᠲᠠᠢ ᠪᠠᠶᠢᠯᠭᠠᠬᠤ᠂ ᠶᠠᠰᠤ ᠴᠢᠨᠠᠷ ᠤᠨ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ ᠪᠦᠬᠦ ᠲᠠᠯ᠎ᠠ ᠶᠢᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠵᠢᠱᠢᠶᠡᠴᠢ ᠶᠢᠨ ᠠᠭᠤᠯᠬᠤᠨ ᠪᠣᠯᠭᠠᠵᠤ᠂ ᠡᠭᠦᠳᠦᠨ ᠪᠠᠶᠢᠭᠤᠯᠬᠤ ᠠᠵᠢᠯ ᠤᠨ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠡᠭᠦᠳᠦᠨ ᠪᠠᠶᠢᠭᠤᠯᠬᠤ ᠠᠵᠢᠯ ᠤᠨ ᠯᠠᠪᠳᠠᠭᠤᠨ ᠪᠠᠲᠤᠲᠠᠢ ᠪᠦᠲᠦᠮᠵᠢᠲᠡᠢ ᠠᠬᠢᠬᠤ ᠶᠢ ᠪᠠᠲᠤᠯᠠᠬᠤ ᠬᠡᠷᠡᠭᠲᠡᠢ ᠭᠡᠪᠡ᠃       ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ