ᠡᠨᠡ ᠵᠢᠯ ᠤᠨ 1 — 7 ᠰᠠᠷ᠎ᠠ ᠳᠤ᠂ ᠮᠠᠨ ᠤ ᠬᠤᠲᠠ ᠶᠢᠨ ᠵᠢᠭᠤᠯᠴᠢᠯᠠᠯ ᠤᠨ ᠪᠥᠬᠦ ᠣᠷᠣᠯᠭ᠎ᠠ ᠪᠠᠷᠤᠭ 57.97 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 121.43% ᠪᠠᠷ ᠨᠡᠮᠡᠭᠳᠡᠵᠡᠶ᠃ | ᠦᠶᠦᠸᠠᠨᠰᠢᠶᠠᠨ ᠤ ᠱᠧᠩ ᠹᠧᠩ ᠪᠠᠯᠭᠠᠰᠤ ᠶᠢᠨ ᠰᠢᠨ ᠹᠧᠩ ᠲᠣᠰᠬᠤᠨ ᠤ ᠳ᠋ᠧᠩ ᠯᠦᠩ ᠬᠤᠩ ᠠᠮᠲᠠᠲᠤ ᠬᠡᠮᠬᠡ ᠶᠢᠨ ᠲᠠᠷᠢᠮᠠᠯ ᠤᠨ ᠰᠠᠭᠤᠷᠢᠨ ᠭᠠᠵᠠᠷ ᠲᠤ | ᠬᠦᠷᠬᠦ ᠳᠤ᠂ ᠵᠤᠭᠠᠴᠠᠭᠰᠠᠳ ᠲᠠᠷᠢᠶᠠᠨ ᠳᠤᠮᠳᠠᠭᠤᠷ ᠰᠦᠯᠵᠢᠯᠳᠦᠨ ᠠᠮᠲᠠᠲᠤ ᠬᠡᠮᠬᠡ ᠲᠡᠭᠦᠵᠦ ᠶᠠᠭᠠᠷᠠᠯᠳᠤᠨ᠎ᠠ᠃ | ᠵᠤᠭᠠᠴᠠᠭᠴᠢ ᠸᠠᠩ ᠷᠦᠢ ᠮᠢᠨ ᠤ ᠭᠡᠯᠡᠭᠦ ᠪᠠᠷ᠂ ᠰᠢᠨ᠎ᠡ ᠰᠣᠷᠭᠤᠭ᠂ ᠪᠣᠬᠢᠷᠲᠤᠯ ᠦᠭᠡᠢ ᠠᠮᠲᠠᠲᠤ ᠬᠡᠮᠬᠡ ᠶᠢ ᠠᠮᠲᠠᠯᠠᠭᠰᠠᠨ ᠢᠶᠠᠷ ᠪᠠᠷᠠᠬᠤ ᠦᠭᠡᠢ᠂ ᠪᠠᠰᠠ | ᠵᠢᠮᠢᠰ ᠲᠡᠭᠦᠬᠦ ᠬᠠᠪᠤ ᠴᠡᠩᠭᠡᠯ ᠢ ᠡᠳ᠋ᠯᠡᠵᠡᠢ᠂ ᠲᠦᠢᠯ ᠤᠨ ᠰᠠᠶᠢᠬᠠᠨ ᠰᠠᠨᠠᠭᠳᠠᠵᠤ ᠪᠠᠶᠢᠨ᠎ᠠ ᠭᠡᠵᠦ ᠪᠠᠶᠢᠯ᠎ᠠ᠃ | ᠤᠢᠢᠷ᠎ᠠ ᠶᠢᠨ ᠵᠢᠯ ᠳᠤ᠂ ᠱᠧᠩ ᠹᠧᠩ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ︽ᠬᠥᠳᠡᠭᠡ ᠠᠵᠤ ᠠᠬᠤᠢ + ᠵᠤᠭᠠᠴᠠᠯ︾ ᠤᠨ | ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠵᠤ᠂ ᠲᠣᠰᠬᠤᠨ ᠤ ᠠᠷᠠᠳ ᠢ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠤᠨᠴᠠᠯᠢᠬᠳᠤ ᠠᠵᠤ ᠦᠢᠯᠡᠰ ᠢ ᠶᠡᠬᠡᠪᠡᠷ | ᠬᠥᠭᠵᠢᠭᠦᠯᠬᠦ ᠶᠢ ᠵᠣᠷᠢᠭᠵᠢᠭᠤᠯᠵᠤ᠂ ᠤᠳᠤ ᠦᠶ᠎ᠡ ᠶᠢᠨ ᠬᠥᠳᠡᠭᠡ ᠠᠵᠤ ᠠᠬᠤᠢ ᠪᠣᠯᠤᠨ ᠬᠥᠳᠡᠭᠡ ᠲᠣᠰᠬᠤᠨ ᠤ ᠵᠤᠭᠠᠴᠠᠯ ᠤᠨ ᠠᠭᠤᠰᠤᠯᠴᠠᠨ ᠬᠥᠭᠵᠢᠬᠦ ᠶᠢ | ᠲᠦᠷᠭᠡᠳᠬᠡᠵᠡᠢ᠃ ᠠᠮᠳᠠᠳᠤ ᠭᠡᠮᠭᠡ ᠲᠡᠭᠦᠬᠦ᠂ ᠪᠤᠭᠢᠷᠳᠤᠯ ᠦᠭᠡᠢ ᠢᠳᠡᠭᠡᠨ ᠢ ᠠᠮᠲᠠᠯᠠᠬᠤ᠂ ᠵᠡᠭᠡᠯᠢ ᠪᠠᠷ ᠵᠤᠭᠠᠴᠠᠨ ᠬᠡᠷᠡᠯ ᠵᠢᠷᠤᠭ ᠲᠡᠳᠠᠬᠤ ᠵᠡᠷᠭᠡ ᠲᠠᠷᠢᠶᠠᠯᠠᠩ | ᠰᠣᠶᠣᠯ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢᠶᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠭᠦ ᠠᠷᠭ᠎ᠠ ᠵᠠᠮ ᠢ ᠪᠦᠲᠦᠮᠵᠢᠲᠡᠶ ᠦᠷᠭᠡᠳᠭᠡᠵᠡᠢ᠃ | ᠦᠶᠦᠸᠠᠨ ᠰᠢᠶᠠᠨ ᠤ ᠱᠧᠩ ᠹᠧᠩ ᠪᠠᠯᠭᠠᠰᠤᠨ ᠤ ᠳᠠᠷᠤᠭ᠎ᠠ ᠭᠧ ᠰᠢᠶᠤᠤ ᠷᠦᠩ ᠤᠨ ᠭᠡᠯᠡᠭᠦ ᠪᠠᠷ᠂ ᠳᠠᠷᠠᠭᠠᠴᠢ ᠶᠢᠨ ᠠᠯᠬᠤᠮ ᠳᠤ᠂ ᠪᠢᠳᠡ ︽ᠬᠥᠳᠡᠭᠡ | ᠠᠵᠤ ᠠᠬᠤᠢ + ᠵᠤᠭᠠᠴᠠᠯ︾ ᠤᠨ ᠰᠢᠨ᠎ᠡ ᠵᠠᠭᠪᠤᠷ ᠢ ᠦᠷᠭᠦᠯᠵᠢᠯᠡᠨ ᠠᠭᠤᠳᠠᠯᠤᠨ ᠰᠦᠪᠡᠭᠴᠢᠯᠡᠵᠦ᠂ ᠠᠮᠲᠠᠲᠤ ᠬᠡᠮᠬᠡ ᠶᠢᠨ ᠪᠠᠶᠠᠷ᠂ ᠭᠤᠸ᠎ᠠ ᠶᠢᠨ ᠸᠠᠩ ᠢ | ᠰᠢᠯᠭᠠᠷᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠭᠤᠯᠵᠤ᠂ ᠠᠵᠤ ᠦᠢᠯᠡᠰ ᠤᠨ ᠠᠯᠳᠠᠷᠰᠢᠯ ᠪᠣᠯᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠠᠭᠢᠴᠠ ᠶᠢ ᠲᠦᠷᠭᠡᠳᠭᠡᠨ᠎ᠡ ᠭᠡᠵᠦ ᠪᠠᠶᠢᠯ᠎ᠠ᠃ | ᠡᠨᠡ ᠵᠢᠯ ᠤᠨ 1 — 7 ᠰᠠᠷ᠎ᠠ ᠳᠤ᠂ ᠮᠠᠨ ᠤ ᠬᠤᠲᠠ ᠶᠢᠨ ᠵᠤᠭᠠᠴᠠᠭᠴᠢ ᠶᠢᠨ ᠭᠥᠯᠢᠶᠡᠨ ᠠᠪᠤᠭᠰᠠᠨ ᠲᠤᠭ᠎ᠠ 506.17 ᠲᠦᠮᠡᠨ ᠬᠥᠮᠦᠨ | ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.05% ᠪᠠᠷ ᠨᠡᠮᠡᠭᠳᠡᠪᠡ᠂ ᠡᠭᠦᠨ ᠳᠤ ᠬᠤᠨᠤᠭ ᠤᠨ ᠵᠤᠭᠠᠴᠠᠭᠴᠢ 203.32 ᠲᠦᠮᠡᠨ ᠬᠥᠮᠦᠨ | ᠤᠳᠠᠭ᠎ᠠ ᠳᠤ ᠭᠦᠷᠴᠦ᠂ ᠨᠢᠭᠡ ᠡᠳᠦᠷ ᠤᠨ ᠵᠤᠭᠠᠴᠠᠭᠰᠠᠳ 302.85 ᠲᠦᠮᠡᠨ ᠬᠥᠮᠦᠨ ᠤᠳᠠᠭ᠎ᠠ ᠳᠤ ᠭᠦᠷᠦᠨ᠂ ᠵᠤᠭᠠᠴᠠᠯ ᠤᠨ ᠶᠡᠷᠦᠩᠬᠡᠶ ᠣᠷᠣᠯᠭ᠎ᠠ ᠶᠢ ᠪᠠᠷᠤᠭ | 57.97 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠶ᠃ |