ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠲᠥᠷᠥ ᠶᠢᠨ ᠪᠣᠳᠣᠯᠭ᠎ᠠ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠭᠡᠨ᠎ᠡ
ᠨᠡᠶᠢᠲᠡᠯᠡᠭᠰᠡᠨ ᠴᠠᠭ᠄
2023/9/11
      ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠳᠠ ᠶᠢᠨ  ᠬᠢᠨ ᠲᠦᠷᠦ ᠶᠢᠨ ᠪᠣᠳᠣᠯᠭ᠎ᠠ  ᠶᠢᠨ ᠲᠡᠮᠵᠢᠯᠭᠡ ᠶᠢᠨ ᠬᠦᠴᠤᠯᠡᠴᠡ ᠪᠠᠨ  ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ  ᠬᠦᠭᠵᠢᠭᠡᠵᠤ ᠪᠠᠶᠢᠨ᠎ᠠ᠃      ᠾᠧᠩ ᠹᠧᠩ ᠪᠦᠯᠦᠭᠯᠡᠯ  ᠪᠤᠯ ᠭᠤᠤᠯᠳᠠᠭᠤ ᠪᠤᠭᠤᠳᠠᠢ ᠲᠠᠷᠢᠬᠤ᠂ ᠬᠤᠳᠠᠯᠳᠤᠨ ᠠᠪᠴᠤ ᠨᠥᠭᠡᠴᠡᠯᠡᠬᠦ᠂ ᠡᠳ᠋ᠰᠢᠭᠦᠯᠬᠦ᠂ ᠪᠣᠷᠣᠯᠠᠭᠤᠯᠬᠤ  ᠶᠢ ᠡᠷᠬᠢᠯᠡᠵᠦ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ᠎ᠠ᠂ ᠡᠳᠦᠷ ᠲᠤ 1000 ᠲᠣᠨ ᠪᠤᠭᠤᠳᠠᠢ   ᠰᠢᠢᠳᠪᠦᠷᠢᠯᠡᠵᠦ᠂ ᠵᠢᠯ ᠪᠦᠷᠢ ᠶᠢᠨ ᠠᠵᠤ ᠠᠬᠤᠶᠢᠯᠠᠯ ᠤᠨ ᠭᠤᠯᠢᠷ ᠪᠣᠯᠪᠠᠰᠤᠷᠠᠭᠤᠯᠬᠤ ᠲᠦᠭᠦᠬᠡᠢ ᠮᠠᠲ᠋ᠧᠷᠢᠶᠠᠯ ᠢ ᠥᠪᠡᠷ ᠤᠨ ᠰᠠᠭᠤᠷᠢᠨ ᠭᠠᠵᠠᠷ ᠠᠴᠠ ᠬᠠᠩᠭᠠᠬᠤ ᠠᠴᠠ ᠭᠠᠳᠠᠨ᠎ᠠ ᠪᠠᠰᠠ ᠲᠠᠷᠢᠶᠠᠴᠢᠳ ᠲᠠᠢ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠡᠨᠡ ᠬᠡᠳᠦᠨ ᠵᠢᠯ ᠳᠤ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠳᠣᠣᠷ᠎ᠠ᠂ ᠠᠵᠤ ᠠᠬᠤᠶᠢᠯᠠᠯ  ᠤᠨ ᠪᠤᠭᠤᠳᠠᠢ ᠬᠤᠳᠠᠯᠳᠤᠨ ᠠᠪᠬᠤ  ᠪᠡᠯᠡ ᠮᠥᠩᠭᠦ  ᠲᠤᠳᠠᠭᠳᠠᠬᠤ ᠠᠰᠠᠭᠤᠳᠠᠯ ᠢ  ᠰᠢᠢᠳᠪᠦᠷᠢᠯᠡᠭᠰᠡᠨ  ᠪᠠᠶᠢᠨ᠎ᠠ᠃      ᠥᠪᠥᠷ ᠮᠣᠩᠭᠤᠯ ᠤᠨ ᠾᠧᠩ ᠹᠧᠩ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠯᠢᠦ ᠶᠦᠩ  ᠰᠤᠷᠪᠤᠯᠵᠢᠯᠠᠭᠴᠢ ᠳᠤ᠂ 2020 ᠣᠨ ᠠᠴᠠ ᠣᠲᠣ ᠪᠣᠯᠲᠠᠯ᠎ᠠ᠂ ᠵᠠᠰᠠᠭ ᠤᠨ ᠣᠷᠳᠣᠨ ᠠᠮᠤ ᠪᠤᠳᠠᠭᠠᠨ ᠤ ᠲᠡᠳᠬᠦᠮᠵᠢ ᠶᠢᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠦᠨᠳᠦᠰᠦᠨ ᠳᠡᠭᠡᠨ ᠴᠥᠮ ᠠᠵᠤ ᠠᠬᠤᠶᠢᠯᠠᠯ ᠳᠠᠰᠢ ᠬᠡᠯᠪᠡᠶᠢᠯᠭᠡᠵᠦ ᠪᠠᠶᠢᠨ᠎ᠠ᠂ ᠪᠢᠳᠡ ᠬᠤᠳᠠᠯᠳᠤᠨ ᠠᠪᠬᠤ ᠪᠡᠯᠡ ᠮᠥᠩᠭᠦ ᠪᠠᠨ ᠴᠠᠭ ᠲᠤᠬᠠᠢ ᠳᠤᠨᠢ ᠲᠠᠷᠢᠶᠠᠴᠢᠳ ᠲᠤ ᠦᠭᠴᠤ ᠪᠠᠶᠢᠬᠤ ᠲᠤᠯᠠ ᠲᠠᠷᠢᠶᠠᠴᠢᠳ ᠴᠤ ᠪᠢᠳᠡᠨ ᠲᠠᠢ ᠵᠠᠬᠢᠶᠠᠯᠠᠬᠤ ᠬᠠᠭᠤᠳᠠᠰᠤ ᠲᠣᠭᠲᠠᠬᠤ ᠳᠤᠷᠠᠲᠠᠢ ᠂ ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠢ ᠪᠠᠨ ᠤᠯᠠᠮ ᠰᠠᠶᠢᠨ ᠬᠥᠭᠵᠢᠭᠦᠯᠬᠦ ᠳᠤ  ᠲᠤᠩ ᠢᠲᠡᠭᠡᠯ ᠲᠠᠢ ᠪᠠᠶᠢᠨ᠎ᠠ  ᠭᠡᠵᠤ ᠪᠠᠶᠢᠯ᠎ᠠ᠃      ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠬᠥᠭᠵᠢᠭᠡᠵᠦ᠂ ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠤᠷᠢᠳ ᠬᠤᠵᠢᠳ ᠲᠣᠭᠲᠠᠭᠠᠨ ᠨᠡᠶᠢᠲᠡᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠢᠳᠡᠷᠡᠭᠦᠨ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠪᠡ᠃ 2022 ᠣᠨ ᠳᠤ᠂ ᠪᠥᠬᠦ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠡᠶᠡᠯᠡᠭᠦᠯᠦᠭᠰᠡᠨ ᠨᠡᠮᠡᠭᠳᠡᠯ ᠥᠷᠲᠡᠭ 720.61 ᠳ᠋ᠦᠩᠰᠢᠭᠤᠷ ᠲᠥᠭᠦᠷᠢᠭ ᠲᠤ ᠬᠦᠷᠴᠦ᠂ GDP ᠳᠤ ᠡᠵᠡᠯᠡᠬᠦ ᠬᠤᠪᠢ ᠶᠢᠨ ᠵᠢᠩ ᠨᠢ 66.4% ᠪᠠᠶᠢᠵᠤ᠂  ᠬᠡᠪᠴᠢᠶᠡᠨ ᠠᠴᠠ ᠲᠡᠭᠡᠭᠰᠢᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 237 ᠡᠷᠦᠬᠡ ᠪᠠᠶᠢᠵᠤ᠂ ᠬᠡᠪᠴᠢᠶᠡᠨ ᠠᠴᠠ ᠲᠡᠭᠡᠭᠰᠢᠬᠢ  ᠠᠵᠤ ᠠᠬᠤᠶᠢᠯᠠᠯ ᠶᠡᠷᠦᠩᠬᠡᠢ ᠡᠷᠦᠬᠡ ᠶᠢᠨ ᠲᠤᠭ᠎ᠠ ᠶᠢᠨ 77.5% ᠶᠢ ᠡᠵᠡᠯᠡᠪᠡ︔ ᠡᠨᠡ ᠵᠢᠯ ᠤᠨ ᠲᠦᠷᠦᠭᠦᠸ 6 ᠰᠠᠷ᠎ᠠ ᠳᠤ᠂ ᠪᠥᠬᠦ ᠬᠤᠲᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 16556 ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠨ᠂ ᠲᠥᠷᠥ ᠶᠢᠨ ᠪᠣᠳᠣᠯᠭ᠎ᠠ ᠳᠤ ᠨᠡᠶᠢᠴᠡᠬᠦ ᠠᠵᠤ ᠠᠬᠤᠶᠢᠯᠠᠯ ᠤᠨ ᠡᠯ᠎ᠡ ᠵᠦᠢᠯ ᠤᠨ ᠵᠠᠷᠤᠳᠠᠯ ᠢ ᠨᠡᠶᠢᠲᠡ 9500 ᠭᠠᠷᠤᠢ ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ︔ ᠪᠥᠬᠦ ᠬᠤᠲᠠ ᠶᠢᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 337.78 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 14.02 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠪᠡ᠃      ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠤ ᠦᠢᠯᠡᠰ ᠤᠨ ᠬᠥᠭᠵᠢᠯᠲᠡ ᠶᠢᠨ ᠰᠠᠯᠠᠭᠠᠨ ᠤ ᠳᠠᠷᠤᠭ᠎ᠠ ᠷᠧᠨ ᠬᠤᠸᠠ ᠶᠢᠨ ᠬᠡᠯᠡᠬᠦ  ᠪᠠᠷ᠂ 2022 ᠣᠨ ᠳᠤ ᠪᠦᠬᠦ ᠬᠤᠳᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠮᠠᠨ ᠤ ᠬᠤᠳᠠ ᠳᠠᠬᠢ ᠦᠢᠯᠡᠳᠬᠦᠨ ᠤ ᠦᠷᠳᠡᠭ 66.4% ᠪᠠᠶᠢᠵᠤ᠂ ᠮᠠᠨ ᠤ ᠬᠥᠭᠵᠢᠯᠲᠡ ᠶᠢᠨ ᠭᠤᠣᠯ ᠬᠦᠴᠦᠨ ᠪᠣᠯᠵᠠᠢ᠃ ᠲᠠᠷᠠᠭᠠᠴᠢ ᠶᠢᠨ ᠠᠯᠬᠤᠮ ᠳᠤ ᠪᠢᠳᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠵᠠᠰᠠᠭ ᠬᠤᠳᠠᠯᠳᠤᠭᠠᠨ ᠤ ᠰᠢᠨ᠎ᠡ ᠬᠠᠷᠢᠴᠠᠭ᠎ᠠ ᠶᠢ ᠪᠠᠶᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠦᠭᠵᠢᠯᠳᠡ ᠶᠢ ᠨᠡᠩ ᠲᠦᠷᠭᠡᠳᠭᠡᠨ᠎ᠡ ᠭᠡᠵᠤ ᠪᠠᠶᠢᠯ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ