ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠭᠠᠭᠴᠠᠮᠣᠳᠣ ᠪᠣᠭᠤᠮᠲᠠ 2023 ᠣᠨ ᠤ ᠪᠠᠷᠠᠭᠠᠨ ᠤ ᠲᠡᠭᠡᠭᠡᠪᠦᠷᠢ ᠶᠢᠨ ᠬᠡᠮᠵᠢᠶᠡᠨ ᠤ ᠬᠠᠷᠠᠯᠲᠠ ᠪᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2023/9/11
      ᠣᠶᠢᠷ᠎ᠠ ᠶᠢᠨ ᠡᠳᠦᠷ᠂ ᠭᠠᠭᠴᠠᠮᠣᠳᠣ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 2203.79 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 163.83% ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ 2200 ᠲᠦᠮᠡᠨ ᠲᠣᠨ ᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠬᠠᠷᠠᠯᠲᠠ ᠶᠢ ᠡᠩ ᠲᠡᠷᠢᠭᠦᠨ ᠳᠤ ᠪᠡᠶᠡᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨ ᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠬᠠᠷᠠᠯᠲᠠ ᠶᠢ ᠪᠡᠶᠡᠯᠡᠭᠦᠯᠦᠭᠰᠡᠨ ᠠᠩᠬᠠᠳᠠᠭᠴᠢ ᠪᠣᠭᠤᠮᠲᠠ ᠪᠣᠯᠣᠭᠰᠠᠨ ᠪᠠᠢᠨ᠎ᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠳᠣᠲᠣᠷ᠎ᠠ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 2131.83 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 177.05% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠨᠤᠨᠲᠠᠭ 54.93 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠢᠶᠠᠷ ᠨᠡᠮᠡᠭᠳᠡᠪᠡ︔ ᠭᠠᠳᠠᠭᠠᠳᠤ ᠳᠤ ᠭᠠᠷᠭᠠᠬᠤ ᠪᠠᠷᠠᠭ᠎ᠠ 17 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.04% ᠪᠠᠷ ᠥᠰᠪᠡ᠃      ᠳᠠᠷᠠᠭᠠᠴᠢ ᠶᠢᠨ ᠠᠯᠬᠤᠮ ᠳᠤ᠂ ᠭᠠᠭᠴᠠᠮᠤᠳᠤ ᠪᠣᠭᠤᠮᠲᠠ ᠦᠷᠭᠦᠯᠵᠢᠯᠡᠨ ᠪᠣᠬᠢᠷᠲᠤᠯ ᠦᠭᠡᠢ ᠤᠶᠤᠨᠲᠤ ᠪᠣᠭᠤᠮᠲᠠ ᠶᠢ ᠪᠠᠶᠢᠭᠤᠯᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠭᠠᠳᠠᠭᠠᠳᠤ ᠨᠡᠬᠡᠬᠡᠯᠳᠡ ᠶᠢᠨ ᠲᠦᠷᠢ ᠲᠥᠷᠬᠦ ᠪᠠᠨ ᠳᠡᠭᠡᠭᠰᠢᠯᠡᠭᠦᠯᠵᠦ᠂ ᠬᠠᠭᠤᠷᠠᠢ ᠳᠡᠭᠡᠷᠡᠬᠢ ᠬᠢᠯᠢ ᠶᠢᠨ ᠪᠣᠭᠤᠮᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠡᠭᠦᠳᠬᠦ ᠪᠠᠷ ᠴᠢᠷᠮᠠᠶᠢᠵᠤ᠂ ᠪᠦᠬᠦ ᠵᠢᠯ ᠤᠨ ᠪᠠᠷᠠᠭᠠᠨ ᠤ ᠬᠦᠢᠯᠭᠡᠭᠡᠨ ᠤ ᠬᠡᠮᠵᠢᠶ᠎ᠡ ᠶᠢ 3000 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ