8 ᠰᠠᠷ᠎ᠠ ᠶᠢᠨ 15 ᠤ ᠡᠳᠦᠷ ᠪᠣᠯᠲᠠᠯ᠎ᠠ᠂ ᠡᠨᠡ ᠵᠢᠯ ᠤᠨ ᠭᠠᠭᠴᠠᠮᠤᠳᠤ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠭᠡᠮᠵᠢᠶ᠎ᠡ 2173.33 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 165.13% ᠪᠠᠷ ᠨᠡᠮᠡᠭᠳᠡᠵᠦ᠂ ᠵᠢᠯ ᠤᠨ ᠪᠠᠷᠠᠭ᠎ᠠ ᠦᠩᠭᠡᠷᠡᠭᠰᠡᠨ ᠭᠡᠮᠵᠢᠶ᠎ᠡ ᠶᠢᠨ ᠲᠡᠮᠳᠡᠭᠯᠡᠯ ᠢ | ᠡᠭᠦᠳᠴᠡᠢ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 2102.58 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 178.66% ᠪᠠᠷ ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠨᠤᠨᠲᠠᠭ 54.29 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.43% ᠪᠠᠷ ᠨᠡᠮᠡᠭᠳᠡᠨ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠭᠡᠮᠵᠢᠶ᠎ᠡ 16.46 ᠲᠦᠮᠡᠨ ᠲᠣᠨ ᠳᠤ ᠬᠦᠷᠴᠡᠶ᠃ | ᠲᠠᠷᠠᠭᠠᠴᠢ ᠶᠢᠨ ᠠᠯᠬᠤᠮ ᠳᠤ᠂ ᠭᠠᠭᠮᠤᠳᠤ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠣᠷᠣᠨ᠂ ᠪᠠᠷᠠᠭ᠎ᠠ ᠰᠠᠪᠠᠯᠠᠬᠤ | ᠲᠠᠯᠠᠪᠠᠶ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ᠂ ᠬᠢᠯᠢ ᠪᠠᠷ ᠣᠷᠣᠵᠤ ᠢᠷᠡᠬᠦ ᠬᠦᠨᠳᠦ ᠠᠴᠢᠶᠠᠨ ᠤ ᠵᠠᠰᠠᠮᠠᠯ ᠵᠠᠮ ᠢ ᠥᠷᠭᠡᠳᠬᠡᠬᠦ᠂ | ᠪᠣᠭᠤᠮᠲᠠ ᠶᠢᠨ ᠶᠡᠭᠡ ᠬᠥᠭᠦᠷᠭᠡ᠂ ᠬᠠᠮᠲᠤᠷᠠᠨ ᠪᠠᠶᠢᠴᠠᠭᠠᠬᠤ ᠲᠣᠮᠣ ᠠᠰᠠᠷ ᠢ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ AGV ᠵᠢᠯᠣᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ ᠶᠢᠨ ᠬᠡᠮᠵᠢᠶ᠎ᠡ ᠶᠢ ᠥᠷᠭᠡᠳᠬᠡᠨ ᠬᠤᠷᠳᠤᠴᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠥᠯᠭᠢᠨ ᠠᠬᠢᠭᠤᠯᠵᠤ᠂ ᠪᠣᠭᠤᠮᠲᠠ ᠶᠢᠨ ᠳᠠᠭᠠᠭᠠᠬᠤ ᠴᠢᠳᠠᠪᠭᠢ ᠪᠠ ᠲᠥᠪᠯᠡᠷᠡᠭᠦᠯᠦᠨ ᠲᠠᠷᠬᠠᠭᠠᠵᠤ | ᠲᠡᠭᠡᠭᠡᠪᠦᠷᠢᠯᠡᠬᠦ ᠴᠢᠳᠠᠪᠭᠢ ᠶᠢ ᠴᠢᠩᠭᠠᠳᠬᠠᠨ᠂ ᠪᠥᠬᠦ ᠵᠢᠯ ᠤᠨ ᠪᠠᠷᠠᠭ᠎ᠠ ᠥᠩᠭᠡᠷᠡᠬᠦ ᠬᠡᠮᠵᠢᠶ᠎ᠡ ᠶᠢ 3000 ᠲᠦᠮᠡᠨ ᠲᠣᠨ ᠳᠤ ᠭᠦᠷᠭᠡᠭᠦ ᠪᠠᠷ ᠴᠢᠷᠮᠠᠶᠢᠵᠤ ᠪᠠᠶᠢᠨ᠎ᠠ᠃ | |