ᠮᠠᠨ ᠤ ᠬᠤᠲᠠ ᠡᠨᠡ ᠵᠢᠯ ᠠᠴᠠ ᠨᠠᠰᠢ᠂ ᠲᠥᠷᠥᠯ ᠵᠦᠢᠯ ᠢᠶᠠᠷ ᠭᠤᠣᠯ ᠪᠣᠯᠭᠠᠬᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠦᠢᠯᠡᠴᠢᠯᠡᠭᠡ ᠪᠠᠷ | ᠭᠤᠣᠯᠳᠠᠯᠭ᠎ᠠ ᠪᠣᠯᠭᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠤ ᠪᠠᠶᠢᠨ᠎ᠠ᠃ | ᠣᠳᠣᠬᠠᠨ ᠳᠤ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠯᠢᠶᠠᠨ ᠪᠠᠩ ᠮᠠᠯ ᠤᠨ | ᠡᠮ ᠤᠨ ᠬᠢᠵᠠᠭᠠᠷᠲᠤ ᠺᠣᠮᠫᠠᠨᠢ ᠶᠢᠨ ᠰᠢᠨ᠎ᠡ ᠪᠠᠷ ᠥᠷᠭᠡᠳᠬᠡᠨ ᠪᠠᠶᠢᠭᠤᠯᠬᠤ ᠲᠥᠷᠥᠯ ᠵᠦᠢᠯ ᠨᠢ ᠶᠠᠭ ᠭᠤᠣᠯ ᠴᠣᠭᠴᠠᠲᠤ ᠪᠦᠲᠦᠴᠡ ᠶᠢᠨ ᠪᠠᠷᠢᠯᠭ᠎ᠠ ᠶᠢᠨ ᠠᠵᠢᠯ | ᠢᠶᠠᠨ ᠬᠢᠵᠦ ᠪᠠᠶᠢᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.28 ᠳ᠋ᠦᠩᠰᠢᠭᠤᠷ ᠲᠥᠭᠦᠷᠢᠭ ᠪᠠᠶᠢᠵᠤ᠂ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ ᠳᠤ ᠶᠠᠰᠤ ᠴᠢᠨᠠᠷ ᠤᠨ ᠪᠠᠶᠢᠴᠠᠭᠠᠯᠲᠠ ᠶᠢᠨ ᠠᠰᠠᠷ᠂ ᠶᠡᠷᠦᠩᠬᠡᠶᠢᠯᠡᠭᠰᠡᠨ ᠠᠮᠢᠳᠤᠷᠠᠯ ᠤᠨ ᠠᠰᠠᠷ᠂ ᠪᠠᠺᠲ᠋ᠧᠷᠢ ᠦᠭᠡᠢ ᠨᠠᠶᠢᠷᠠᠯᠭ᠎ᠠ ᠶᠢᠨ ᠦᠢᠯᠡᠳᠪᠦᠷᠢᠯᠡᠯ ᠤᠨ | ᠲᠠᠰᠤᠭ᠂ ᠪᠠᠺᠲ᠋ᠧᠷᠢ ᠦᠭᠡᠢ ᠨᠠᠶᠢᠷᠠᠯᠭ᠎ᠠ ᠶᠢᠨ ᠮᠠᠯ ᠤᠨ ᠡᠮ ᠤᠨ ᠦᠢᠯᠡᠳᠪᠦᠷᠢᠯᠡᠯ ᠤᠨ ᠲᠠᠰᠤᠭ ︵ᠬᠥᠳᠡᠯᠭᠡᠬᠦ ᠬᠦᠴᠦᠨ ᠤ ᠰᠢᠰᠲ᠋ᠧᠮ ᠪᠠᠭᠲᠠᠨ᠎ᠠ︶᠂ ᠮᠠᠯ ᠤᠨ | ᠡᠮ ᠤᠨ ᠬᠥᠮᠥᠷᠭᠡ ᠵᠡᠷᠭᠡ ᠶᠢ ᠪᠠᠭᠲᠠᠭᠠᠵᠤ᠂ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠭᠤᠣᠯᠳᠠᠭᠤ ᠮᠠᠯ ᠤᠨ ᠡᠮ ᠢ ᠰᠤᠳᠤᠯᠤᠨ ᠨᠡᠭᠡᠭᠡᠵᠦ | ᠦᠢᠯᠡᠳᠪᠦᠷᠢᠯᠡᠭᠡᠳ᠂ ᠵᠢᠯ ᠤᠨ ᠦᠢᠯᠡᠳᠬᠦᠨ ᠤ ᠥᠷᠲᠡᠭ ᠨᠢ 26 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 5500 ᠲᠦᠮᠡᠨ ᠲᠥᠭᠦᠷᠢᠭ ᠤᠨ ᠭᠠᠶᠢᠯᠢ | ᠲᠤᠰᠢᠶᠠᠬᠤ ᠪᠤᠯᠤᠨ᠎ᠠ᠃ | ᠥᠪᠥᠷ ᠮᠣᠩᠭᠤᠯ ᠤᠨ ᠯᠢᠶᠠᠨ ᠪᠠᠩ ᠮᠠᠯ ᠤᠨ ᠡᠮ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠢ ᠱᠧᠩ ᠴᠢᠶᠠᠩ ᠤᠨ ᠬᠡᠯᠡᠬᠦ ᠪᠠᠷ᠂ | ᠵᠠᠰᠠᠭ ᠤᠨ ᠣᠷᠳᠣᠨ ᠤ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠬᠢᠨᠠᠨ ᠵᠥᠪᠰᠢᠶᠡᠷᠡᠬᠦ ᠠᠴᠠ ᠠᠪᠤᠭᠠᠳ ᠡᠴᠦᠰ ᠤᠨ ᠪᠠᠷᠢᠯᠭ᠎ᠠ ᠪᠠᠷᠢᠬᠤ ᠵᠥᠪᠰᠢᠶᠡᠷᠡᠯ | ᠬᠦᠷᠳᠡᠯ᠎ᠡ ᠠᠵᠤ ᠠᠬᠤᠶᠢᠯᠠᠯ ᠳᠤ ᠮᠠᠰᠢ ᠶᠡᠭᠡ ᠳᠡᠮᠵᠢᠯᠭᠡ ᠦᠵᠡᠭᠦᠯᠦᠭᠰᠡᠨ᠂ ᠡᠨᠡ ᠵᠢᠯ ᠤᠨ ᠵᠢᠯ ᠤᠨ ᠡᠴᠦᠰ ᠠᠴᠠ ᠡᠮᠦᠨ᠎ᠡ ᠨᠢᠬᠡᠳᠦᠬᠡᠷ ᠬᠤᠭᠤᠴᠠᠭ᠎ᠠ ᠪᠠ | ᠲᠦᠭᠦᠬᠡᠢ ᠡᠳ᠋ ᠤᠨ ᠬᠤᠶᠠᠳᠤᠭᠠᠷ ᠬᠤᠭᠤᠴᠠᠭᠠᠨ ᠤ ᠠᠵᠢᠯ ᠢ ᠪᠦᠬᠦᠨ ᠢ ᠳᠠᠭᠤᠰᠬᠠᠵᠤ᠂ ᠵᠢᠱᠢᠯᠲᠡ ᠪᠠᠷ ᠢᠷᠡᠬᠦ ᠵᠢᠯ ᠤᠨ 5 ᠰᠠᠷ᠎ᠠ ᠳᠤ ᠬᠤᠶᠠᠳᠤᠭᠠᠷ | ᠬᠤᠭᠤᠴᠠᠭᠠᠨ ᠤ ᠠᠵᠢᠯ ᠢ ᠪᠦᠬᠦᠨ ᠢ ᠲᠠᠭᠤᠰᠬᠠᠨ᠂ ᠵᠢᠯ ᠤᠨ ᠡᠴᠦᠰ ᠤᠨ ᠦᠢᠯᠡᠳᠬᠦᠨ ᠤ ᠥᠷᠲᠡᠭ 15 ᠳ᠋ᠦᠩᠰᠢᠭᠤᠷ ᠲᠥᠭᠦᠷᠢᠭ ᠣᠷᠴᠢᠮ ᠳᠤ ᠬᠦᠷᠦᠨ᠎ᠡ | ᠬᠡᠵᠤ ᠪᠠᠶᠢᠯ᠎ᠠ᠃ | ᠡᠨᠡ ᠵᠢᠯ ᠠᠴᠠ ᠨᠠᠰᠢ᠂ ᠮᠠᠨ ᠤ ᠬᠤᠲᠠ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽2023 ᠣᠨ ᠤ ᠪᠠᠶᠠᠨᠨᠠᠭᠤᠷ ᠬᠤᠲᠠ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠭᠤᠣᠯᠳᠠᠯᠭ᠎ᠠ︾ ᠳᠤ ᠠᠩᠬᠠᠷᠤᠯ ᠢᠶᠠᠨ ᠲᠦᠪᠯᠡᠷᠡᠬᠦᠯᠦᠨ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠢᠳᠡᠪᠬᠢᠲᠡᠢ ᠠᠬᠢᠴᠠ ᠲᠠᠢ ᠪᠣᠯᠬᠤ ᠶᠢ ᠠᠬᠢᠭᠤᠯᠤᠨ᠂ ᠲᠦᠷᠦᠭᠦᠸ ᠬᠠᠭᠠᠰ ᠵᠢᠯ ᠳᠤ᠂ ᠪᠥᠬᠦ ᠬᠤᠲᠠ ᠳᠤ | ᠨᠡᠶᠢᠲᠡ 190 ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ 125.1 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 108.2% ᠢᠶᠠᠷ ᠨᠡᠮᠡᠭᠳᠡᠨ᠂ ᠪᠥᠬᠦ ᠵᠢᠯ ᠤᠨ 220 | ᠳ᠋ᠦᠩᠰᠢᠭᠤᠷ ᠲᠥᠭᠦᠷᠢᠭ ᠤᠨ ᠬᠠᠷᠠᠯᠲᠠ ᠡᠭᠦᠷᠭᠡ ᠶᠢᠨ 56.9% ᠶᠢ ᠪᠡᠶᠡᠯᠡᠭᠦᠯᠵᠡᠢ᠃ ᠡᠭᠦᠨ ᠳᠤ᠄ ᠣᠷᠣᠨ ᠤ ᠭᠠᠳᠠᠨᠠᠬᠢ ᠲᠥᠷᠥᠯ ᠵᠦᠢᠯ 86 ᠪᠠᠶᠢᠵᠤ᠂ 73. | 4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠨ᠂ ᠠᠳᠠᠯᠢ ᠬᠤᠭᠤᠴᠠᠭᠠᠨ ᠤ ᠬᠢ ᠠᠴᠠ 86.4% ᠪᠠᠷ ᠨᠡᠮᠡᠭᠳᠡᠵᠤ᠂ ᠪᠥᠬᠦ ᠵᠢᠯ ᠤᠨ | ᠬᠠᠷᠠᠯᠲᠠ ᠡᠭᠦᠷᠭᠡ ᠶᠢᠨ 150 ᠳ᠋ᠦᠩᠰᠢᠭᠤᠷ ᠲᠥᠭᠦᠷᠢᠭ ᠤᠨ 48.9% ᠶᠢ ᠪᠡᠶᠡᠯᠡᠬᠦᠯᠵᠤ︔ ᠣᠷᠣᠨ ᠤ ᠳᠣᠲᠣᠷᠠᠬᠢ ᠲᠥᠷᠥᠯ ᠵᠦᠢᠯ 104 ᠪᠠᠶᠢᠵᠤ᠂ 51.7 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 149.5% ᠪᠠᠷ ᠨᠡᠮᠡᠭᠳᠡᠨ᠂ ᠪᠥᠬᠦ ᠵᠢᠯ ᠤᠨ | ᠬᠠᠷᠠᠯᠲᠠ ᠡᠭᠦᠷᠭᠡ ᠶᠢᠨ 70 ᠳ᠋ᠦᠩᠰᠢᠭᠤᠷ ᠲᠥᠭᠦᠷᠢᠭ ᠤᠨ 73.9% ᠶᠢ ᠪᠡᠶᠡᠯᠡᠬᠦᠯᠵᠡᠢ᠃ |