ᠣᠶᠢᠷ᠎ᠠ ᠶᠢᠨ ᠡᠳᠦᠷ᠂ ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠳᠤ ᠲᠡᠮᠦᠷ ᠵᠠᠮ ᠤᠨ ᠪᠠᠶᠠᠨᠨᠠᠭᠤᠷ ᠤᠨ ᠬᠡᠰᠡᠭ ᠤᠨ ᠠᠩᠬᠠᠳᠠᠭᠴᠢ ᠲᠠᠮᠤᠷ ᠵᠠᠮ | ᠰᠤᠨᠳᠠᠯᠠᠭᠰᠠᠨ ᠣᠨᠴᠠ ᠶᠡᠭᠡ ᠬᠥᠭᠦᠷᠭᠡ ᠶᠢᠨ ᠭᠤᠣᠯ ᠴᠣᠭᠴᠠ ᠶᠢᠨ ᠪᠠᠷᠢᠯᠭ᠎ᠠ ᠠᠮᠵᠢᠯᠲᠠᠲᠠᠢ ᠲᠠᠭᠤᠰᠴᠠᠢ᠃ | ᠰᠤᠷᠪᠤᠯᠵᠢᠯᠠᠭᠴᠢ ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠳᠤ ᠲᠡᠮᠦᠷ ᠵᠠᠮ ᠤᠨ 1 ᠳ᠋ᠦᠭᠡᠷ ᠪᠠᠷᠢᠮᠵᠢᠶ᠎ᠠ ᠶᠢᠨ ᠪᠠᠶᠠᠨᠨᠠᠭᠤᠷ ᠤᠨ ᠬᠡᠰᠡᠭ ᠤᠨ | ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠬᠦᠷᠬᠦ ᠳᠤ᠂ ᠪᠠᠷᠢᠯᠭ᠎ᠠ ᠶᠢᠨ ᠠᠵᠢᠯᠲᠠᠳ ᠵᠠᠮ ᠤᠨ ᠰᠠᠭᠤᠷᠢ ᠶᠢᠨ ᠨᠢᠷᠤᠭᠤᠪᠴᠢ ᠶᠢᠨ ᠬᠠᠮᠠᠭᠠᠯᠠᠯᠲᠠ ᠶᠢᠨ ᠠᠵᠢᠯ᠂ | ᠬᠠᠮᠠᠭᠠᠯᠠᠯᠲᠠ ᠶᠢᠨ ᠬᠡᠷᠡᠰᠬᠡ ᠤᠭᠰᠠᠷᠠᠬᠤ᠂ ᠬᠥᠭᠦᠷᠭᠡ ᠶᠢᠨ ᠨᠢᠭᠤᠷ ᠤᠨ ᠰᠢᠰᠲ᠋ᠧᠮ ᠤᠨ ᠪᠠᠷᠢᠯᠭ᠎ᠠ ᠶᠢᠨ ᠠᠵᠢᠯ ᠵᠡᠷᠭᠡ ᠵᠠᠮ ᠤᠨ ᠰᠠᠭᠤᠷᠢ ᠶᠢᠨ ᠳᠠᠭᠠᠯᠲᠠ | ᠪᠠᠷᠢᠯᠭ᠎ᠠ ᠶᠢ ᠱᠠᠯᠠᠪᠳᠠᠨ ᠬᠢᠵᠦ ᠪᠠᠶᠢᠯ᠎ᠠ᠃ | ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠳᠤ ᠲᠡᠮᠦᠷ ᠵᠠᠮ ᠤᠨ ᠪᠠᠶᠠᠨᠨᠠᠭᠤᠷ ᠬᠤᠲᠠ ᠶᠢᠨ ᠬᠢᠯᠢ ᠳᠠᠬᠢ ᠪᠥᠬᠦ ᠣᠷᠳᠣ ᠨᠢ ᠪᠠᠷᠤᠭ 255.9 | ᠺᠢᠯᠣᠮᠧᠲᠷ ᠪᠠᠶᠢᠵᠤ᠂ ᠪᠠᠶᠠᠨᠬᠤᠸᠠ ᠲᠡᠮᠦᠷ ᠵᠠᠮ ᠢ ᠰᠤᠨᠳᠠᠯᠠᠭᠰᠠᠨ ᠣᠨᠴᠠ ᠶᠡᠭᠡ ᠬᠥᠭᠦᠷᠭᠡ ᠪᠣᠯ ᠪᠤᠭᠤᠲᠤ ᠠᠴᠠ ᠢᠷᠭᠠᠢ ᠥᠨᠳᠥᠷ ᠬᠤᠷᠳᠤᠴᠠᠲᠤ ᠲᠡᠮᠦᠷ ᠵᠠᠮ ᠤᠨ | 1 ᠳ᠋ᠦᠭᠡᠷ ᠪᠠᠷᠢᠮᠵᠢᠶᠠᠲᠤ ᠪᠠᠶᠠᠨᠨᠠᠭᠤᠷ ᠤᠨ ᠬᠡᠰᠡᠭ ᠤᠨ ᠬᠠᠮᠤᠭ ᠤᠨ ᠣᠷᠳᠣ ᠬᠥᠭᠦᠷᠭᠡ ᠪᠣᠯᠣᠨ᠎ᠠ᠂ ᠲᠤᠯᠭᠠᠭᠤᠷᠢ ᠶᠢᠨ ᠨᠢᠷᠤᠭᠤ ᠶᠢ ᠪᠠᠲᠤᠯᠠᠬᠤ ᠶᠢᠨ ᠲᠤᠰᠠᠳᠠ᠂ | ᠳᠠᠭᠠᠭᠠᠴᠢᠯᠠᠨ ᠪᠠᠶᠢᠭᠤᠯᠬᠤ ᠲᠠᠯ᠎ᠠ ᠶᠢᠨ ᠬᠢᠨ ᠲᠤᠯᠭᠠᠭᠤᠷᠢ ᠶᠢᠨ ᠨᠢᠷᠤᠭᠤ ᠶᠢ ᠨᠥᠯᠥᠭᠡᠯᠡᠬᠦ 110 ᠺᠢᠯᠣᠸᠠᠲ ᠤᠨ ᠴᠠᠬᠢᠯᠭᠠᠨ ᠬᠦᠴᠦᠨ ᠤ ᠱᠤᠭᠤᠮ ᠢ ᠨᠡᠭᠦᠯᠭᠡᠨ | ᠥᠭᠡᠷᠡᠴᠢᠯᠡᠵᠦ᠂ ᠵᠠᠮ ᠤᠨ ᠰᠠᠭᠤᠷᠢ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ | ᠳᠤᠮᠳᠠᠳᠤ ᠤᠯᠤᠰ ᠤᠨ ᠲᠡᠮᠦᠷ ᠵᠠᠮ ᠤᠨ ᠱᠠᠩᠬᠠᠢ ᠶᠢᠨ ᠪᠠᠷᠢᠯᠭ᠎ᠠ ᠶᠢᠨ ᠲᠣᠪᠴᠢᠶᠠᠨ ᠤ ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ | ᠵᠠᠮ ᠤᠨ 1 ᠳ᠋ᠦ᠋ᠭᠡᠷ ᠪᠠᠷᠢᠮᠵᠢᠶ᠎ᠠ ᠶᠢᠨ ᠭᠤᠷᠪᠠᠳᠤᠭᠠᠷ ᠬᠤᠪᠢᠶᠠᠷᠢ ᠬᠡᠯᠲᠡᠰ ᠤᠨ ᠵᠦᠢᠯᠡᠰ ᠤᠨ ᠱᠦᠵᠢ ᠡᠤ ᠬᠤᠩ ᠵᠢᠶᠦ᠋ᠨ ᠰᠤᠷᠪᠤᠯᠵᠢᠯᠠᠭᠴᠢ ᠳᠤ᠂ ᠳᠠᠷᠠᠭᠠᠴᠢ ᠶᠢᠨ | ᠠᠯᠬᠤᠮ ᠳᠤ᠂ ᠬᠤᠪᠢᠶᠠᠷᠢ ᠬᠡᠯᠲᠡᠰ ᠠᠴᠠ ᠦᠯᠡᠳᠡᠭᠰᠡᠨ ᠵᠠᠮ ᠤᠨ ᠰᠠᠭᠤᠷᠢ ᠶᠢᠨ ᠳᠠᠭᠠᠯᠲᠠ ᠪᠠᠷᠢᠯᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠪᠠᠷᠢᠯᠭ᠎ᠠ ᠶᠢᠨ ᠨᠢᠭᠡᠳᠦᠭᠡᠷ ᠹᠷᠣᠨᠲ ᠲᠤ ᠡᠳᠦᠷ ᠰᠥᠨᠢ ᠦᠭᠡᠢ ᠡᠷᠡᠯᠬᠡᠭᠯᠡᠨ ᠠᠵᠢᠯᠯᠠᠵᠤ᠂ ᠪᠤᠭᠤᠲᠤ ᠠᠴᠠ ᠢᠷᠭᠠᠢ | ᠬᠦᠷᠬᠦ ᠥᠨᠳᠥᠷ ᠬᠤᠷᠳᠤᠴᠠᠳᠤ ᠲᠡᠮᠦᠷ ᠵᠠᠮ ᠢ ᠡᠷᠲᠡᠬᠡᠨ ᠨᠡᠪᠲᠡᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ ᠭᠡᠵᠡᠢ᠃ | | | |