ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠮᠠᠨ ᠤ ᠬᠤᠲᠠ ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠳᠤ ᠬᠡᠷᠡᠭᠯᠡᠬᠦ ᠤᠰᠤᠨ ᠤ ᠦᠨᠡᠮᠯᠡᠯ ᠢ ᠲᠦᠷᠦᠭᠦᠸ ᠪᠦᠯᠦᠭ ᠤᠨ 2761 ᠬᠤᠪᠢ  ᠲᠠᠷᠬᠠᠭᠠᠪᠠ
ᠨᠡᠶᠢᠲᠡᠯᠡᠭᠰᠡᠨ ᠴᠠᠭ᠄
2023/9/11
      ᠣᠶᠢᠷ᠎ᠠ ᠳᠤ᠂ 2761 ᠬᠤᠪᠢ ︽ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠳᠤ ᠬᠡᠷᠡᠭᠯᠡᠬᠦ ᠤᠰᠤᠨ ᠤ ᠦᠨᠡᠮᠯᠡᠯ︾ ᠢ  ᠣᠯᠭᠤᠬᠤ ᠶᠢ ᠳᠠᠭᠠᠯᠳᠤᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤ ᠶᠢ ᠲᠠᠲᠠᠵᠤ ᠬᠡᠷᠡᠭᠯᠡᠬᠦ ᠤᠰᠤᠨ ᠤ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠪᠡᠶᠡᠯᠡᠭᠦᠯᠵᠡᠢ᠂ ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠤᠰᠤᠨ ᠤ ᠡᠷᠬᠡ ᠶᠢ ᠨᠤᠲᠠᠯᠠᠨ ᠲᠣᠭᠲᠠᠭᠠᠬᠤ ᠠᠩᠬᠠᠨ ᠤ ᠪᠦᠯᠦᠭ ᠤᠨ ᠦᠨᠡᠮᠯᠡᠯ ᠪᠣᠯᠣᠨ᠎ᠠ᠃ ᠦᠨᠡᠮᠯᠡᠯ ᠢ ᠣᠯᠭᠤᠬᠤ ᠳᠤ ᠬᠠᠲᠤᠨ ᠭᠤᠣᠯ ᠤᠨ ᠤᠰᠤ ᠶᠢ ᠲᠠᠲᠠᠵᠤ ᠬᠡᠷᠡᠭᠯᠡᠬᠦ ᠭᠦᠢᠴᠡᠳᠬᠡᠯ ᠲᠤᠭ᠎ᠠ ᠶᠢ ᠰᠤᠪᠠᠭ ᠲᠤ ᠬᠦᠷᠲᠡᠯ᠎ᠡ ᠬᠡᠮᠵᠢᠶᠡᠯᠡᠵᠦ᠂ ᠪᠣᠷᠣᠳᠣᠬᠤᠢ ᠶᠢᠨ ᠲᠠᠷᠢᠶᠠᠴᠢᠳ ᠤᠨ ᠲᠠᠷᠢᠶᠠᠨ ᠭᠠᠵᠠᠷ ᠲᠤ ᠤᠰᠤ ᠬᠡᠷᠡᠭᠯᠡᠬᠦ ᠶᠢ ᠦᠨᠳᠦᠰᠦᠯᠡᠬᠦ ᠪᠠᠷᠢᠮᠵᠢᠶ᠎ᠠ ᠲᠠᠢ  ᠪᠣᠯᠭᠠᠭᠰᠠᠨ ᠪᠠᠶᠢᠨ᠎ᠠ᠃      ᠡᠨᠡ ᠬᠤᠶᠠᠷ ᠡᠳᠦᠷ᠂ ᠯᠢᠨ ᠾᠧ ᠲᠣᠭᠤᠷᠢᠭ ᠤᠨ ᠴᠠᠭᠠᠨ ᠣᠪᠣᠭ᠎ᠠ ᠪᠠᠯᠭᠠᠰᠤ ᠶᠢᠨ ᠱᠦᠢ ᠲᠦᠩ  ᠱᠤ᠋ ᠲᠣᠰᠬᠤᠨ ᠤ ᠲᠠᠷᠢᠶᠠᠨ ᠳᠤ ᠨᠠᠮᠤᠷ ᠤᠨ ᠤᠰᠤᠯᠠᠯᠲᠠ ᠬᠢᠵᠦ ᠂ ᠥᠩᠭᠡᠷᠡᠭᠰᠡᠨ ᠤ ᠬᠢ ᠲᠠᠢ ᠠᠳᠠᠯᠢ ᠦᠭᠡᠢ ᠨᠢ ᠡᠨᠡ ᠵᠢᠯ ᠲᠣᠰᠬᠤᠨ ᠠᠴᠠ ᠤᠰᠤ ᠬᠡᠷᠡᠭᠯᠡᠬᠦ ᠦᠨᠡᠮᠯᠡᠯ ᠣᠯᠵᠤ᠂  ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠭᠰᠠᠨ ᠪᠠᠶᠢᠨ᠎ᠠ᠂ ᠡᠨᠡ ᠨᠢ ᠲᠣᠰᠬᠤᠨ ᠤ ᠠᠷᠠᠳ ᠤᠨ ᠤᠰᠤᠯᠠᠯᠲᠠ ᠶᠢᠨ ᠠᠷᠭ᠎ᠠ ᠬᠡᠯᠪᠡᠷᠢ ᠶᠢ  ᠬᠤᠪᠢᠷᠠᠭᠤᠯᠵᠠᠢ᠃      ᠱᠦᠢ ᠲᠦᠩ ᠱᠤ᠋ ᠲᠣᠰᠬᠤᠨ ᠤ ᠨᠠᠮ ᠤᠨ ᠡᠭᠦᠷ ᠤᠨ ᠱᠦᠵᠢ ᠯᠢᠦ ᠭᠦᠸᠧ ᠷᠦᠩ ᠰᠤᠷᠪᠤᠯᠵᠢᠯᠠᠭᠴᠢ ᠳᠤ᠂  ᠣᠳᠣ ᠪᠢᠳᠡ ᠤᠰᠤᠨ ᠤ ᠡᠷᠬᠡ ᠶᠢᠨ ᠦᠨᠡᠮᠯᠡᠯ  ᠣᠯᠵᠠᠢ᠂ ᠤᠰᠤᠨ ᠤ ᠬᠡᠮᠵᠢᠶ᠎ᠡ ᠠᠴᠠ ᠬᠡᠲᠦᠷᠡᠭᠰᠡᠨ ᠤᠰᠤ ᠶᠢ ᠬᠡᠳᠦᠢ ᠶᠡᠭᠡ ᠵᠣᠭᠤᠰ ᠵᠠᠷᠤᠴᠠᠭᠤᠯᠤᠭᠰᠠᠨ ᠴᠤ ᠬᠤᠳᠠᠯᠳᠤᠨ ᠠᠪᠴᠤ ᠳᠡᠶᠢᠯᠬᠦ ᠦᠭᠡᠢ᠃ ᠣᠳᠣᠬᠠᠨ ᠳᠤ ᠲᠠᠷᠢᠮᠠᠯ ᠤᠨ ᠤᠰᠤ ᠬᠡᠷᠡᠭᠯᠡᠬᠦ ᠱᠠᠭᠠᠷᠳᠠᠯᠭ᠎ᠠ ᠪᠠᠷ ᠤᠰᠤ  ᠶᠢ ᠵᠣᠬᠢᠰᠲᠠᠢ ᠬᠡᠷᠡᠭᠯᠡᠵᠦ ᠪᠠᠶᠢᠨ᠎ᠠ᠃ ᠮᠠᠨ ᠤ ᠨᠢᠳᠤᠨᠤᠨ ᠤ ᠤᠰᠤᠯᠠᠯᠲᠠ ᠶᠢᠨ ᠲᠠᠯᠠᠪᠠᠢ ᠶᠢᠨ ᠮᠦ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠶᠡᠷᠦᠩᠬᠡᠢ ᠳᠤᠨᠢ 140 ᠲᠥᠭᠦᠷᠢᠭ ᠣᠷᠴᠢᠮ ᠪᠤᠳᠤᠵᠠᠢ᠂ ᠤᠰᠤᠨ ᠤ ᠡᠷᠬᠡ ᠶᠢᠨ ᠦᠨᠡᠮᠯᠡᠯ ᠣᠯᠭᠤᠬᠤ ᠪᠠᠷ ᠳᠠᠮᠵᠢᠭᠠᠳ ᠮᠦ ᠪᠦᠷᠢ ᠳᠤ 120 ᠲᠥᠭᠦᠷᠢᠭ ᠣᠷᠴᠢᠮ ᠤᠰᠤᠨ ᠤ ᠡᠷᠬᠡ ᠶᠢᠨ ᠦᠨᠡᠮᠯᠡᠯ ᠣᠯᠭᠤᠭᠰᠠᠨ ᠠᠴᠠ ᠲᠠᠷᠢᠶᠠᠴᠢᠳ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠠᠶᠢᠨ  ᠲᠠᠯ᠎ᠠ ᠲᠠᠢ ᠭᠡᠵᠦ  ᠪᠠᠶᠢᠯ᠎ᠠ᠃      ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠶᠦᠩ ᠵᠢᠢ ᠶᠢᠨ ᠬᠤᠪᠢᠶᠠᠷᠢ ᠲᠥᠪ ᠤᠨ ᠤᠰᠤ ᠵᠠᠯᠠᠬᠤ ᠰᠠᠯᠠᠭ᠎ᠠ ᠶᠢᠨ ᠳᠠᠷᠤᠭ᠎ᠠ ᠴᠧᠨ ᠶᠦᠩ ᠬᠤᠩ ᠰᠤᠷᠪᠤᠯᠵᠢᠯᠠᠭᠴᠢ ᠳᠤ᠂ ᠬᠠᠳᠤᠨ ᠭᠤᠣᠯ ᠤᠨ ᠤᠰᠤ ᠶᠢ ᠲᠠᠲᠠᠬᠤ ᠤᠰᠤᠨ ᠤ ᠭᠦᠢᠴᠡᠳᠬᠡᠬᠦ ᠲᠤᠭ᠎ᠠ ᠶᠢ ᠰᠤᠪᠠᠭ ᠲᠤ ᠬᠦᠷᠲᠡᠯ᠎ᠡ ᠬᠡᠮᠵᠢᠶᠡᠯᠡᠬᠦ ᠪᠠᠷ ᠳᠠᠮᠵᠢᠭᠤᠯᠵᠤ᠂ ᠶᠦᠩ ᠵᠢᠢ ᠶᠢᠨ ᠤᠰᠤᠯᠠᠯᠲᠠ ᠶᠢᠨ ᠣᠷᠣᠨ ᠤ ᠤᠰᠤ ᠶᠢ ᠠᠷᠪᠢᠯᠠᠨ ᠡᠵᠡᠮᠳᠡᠬᠦ ᠠᠵᠢᠯ ᠳᠤ ᠮᠡᠳᠡᠭᠳᠡᠮ᠎ᠡ ᠦᠷ᠎ᠡ ᠪᠦᠲᠦᠮᠵᠢ  ᠣᠯᠵᠠᠢ᠃ 2022 ᠣᠨ ᠤ ᠵᠣᠨ ᠤ ᠤᠰᠤᠯᠠᠯᠲᠠ ᠳᠤ 3.76 ᠳ᠋ᠦᠩᠰᠢᠭᠤᠷ ᠺᠦᠪ ᠮᠧᠲᠷ ᠤᠰᠤ ᠲᠠᠲᠠᠵᠤ᠂ 2023 ᠣᠨ ᠳᠤ 3.42 ᠳ᠋ᠦᠩᠰᠢᠭᠤᠷ ᠺᠦᠪ ᠮᠧᠲᠷ ᠤᠰᠤ ᠲᠠᠲᠠᠵᠤ᠂ ᠵᠣᠨ ᠤ ᠤᠰᠤᠯᠠᠯᠲᠠ ᠳᠤ 0.34 ᠳ᠋ᠦᠩᠰᠢᠭᠤᠷ ᠺᠦᠪ ᠮᠧᠲᠷ ᠤᠰᠤ  ᠠᠷᠪᠢᠯᠠᠵᠠᠢ ᠭᠡᠵᠦ ᠪᠠᠶᠢᠯ᠎ᠠ᠃      ᠮᠠᠨ ᠤ ᠬᠤᠲᠠ ᠬᠠᠲᠤᠨ ᠭᠤᠣᠯ ᠤᠨ ᠤᠰᠤ ᠶᠢ ᠲᠠᠲᠠᠵᠤ 1154 ᠲᠦᠮᠡᠨ ᠮᠦ ᠤᠰᠤᠯᠠᠵᠤ᠂ ᠤᠰᠤᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠬᠠᠮᠠᠭᠠᠯᠠᠬᠤ ᠶᠢᠨ ᠲᠥᠯᠥᠭᠡ ᠡᠨᠡ ᠵᠢᠯ ᠤᠨ 4 ᠰᠠᠷ᠎ᠠ ᠠᠴᠠ ᠡᠬᠢᠯᠡᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠠᠷᠢᠶᠠᠯᠠᠩ ᠤᠨ ᠤᠰᠤ  ᠶᠢ  ᠠᠷᠪᠢᠯᠠᠨ ᠬᠢᠵᠠᠭᠠᠷᠯᠠᠬᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠣᠷᠣᠳᠣᠬᠤᠢ  ᠶᠢᠨ ᠤᠰᠤᠯᠠᠯᠲᠠ  ᠶᠢᠨ ᠣᠷᠣᠨ  ᠤ ᠤᠰᠤᠨ ᠠᠰᠢᠭᠯᠠᠯᠲᠠ  ᠶᠢᠨ ᠬᠥᠭᠵᠢᠯᠲᠡ ᠶᠢᠨ ᠲᠥᠪ ᠨᠢ ᠤᠯᠤᠰ  ᠤᠨ ᠬᠠᠮᠢᠶᠠᠷᠤᠯᠲᠠ ᠶᠢᠨ ᠰᠤᠪᠠᠭ  ᠤᠨ ᠨᠡᠭᠡᠭᠡᠭᠰᠡᠨ 2761 ᠵᠤᠷᠪᠤᠰ ᠰᠤᠪᠠᠭ  ᠤᠨ ᠪᠣᠳᠠᠲᠠᠢ ᠤᠰᠤ ᠬᠡᠷᠡᠭᠯᠡᠬᠦ ᠬᠡᠮᠵᠢᠶ᠎ᠡ ᠪᠣᠯᠣᠨ ᠤᠰᠤᠯᠠᠯᠲᠠ ᠶᠢᠨ ᠲᠠᠯᠠᠪᠠᠢ ᠲᠠᠢ ᠤᠶᠠᠯᠳᠤᠭᠤᠯᠤᠨ ᠤᠰᠤᠨ ᠤ ᠬᠡᠮᠵᠢᠶ᠎ᠡ ᠶᠢ ᠬᠢᠨᠠᠨ ᠬᠠᠷᠭᠤᠭᠤᠯᠵᠤ᠂ ᠡᠷᠬᠡ  ᠶᠢ ᠨᠤᠲᠠᠯᠠᠨ ᠣᠯᠭᠤᠪᠠ᠃ ᠡᠨᠡ ᠨᠢ ᠪᠦᠬᠦ ᠬᠤᠲᠠ  ᠶᠢᠨ 7 ᠬᠤᠰᠢᠭᠤ ᠰᠢᠶᠠᠨ ᠲᠣᠭᠤᠷᠢᠭ ᠤᠨ108 ᠰᠢᠶᠠᠩ ᠪᠠᠯᠭᠠᠰᠤ᠂ ᠲᠠᠷᠢᠶᠠᠯᠠᠩ ᠤᠨ ᠲᠠᠯᠠᠪᠠᠢ ᠶᠢᠨ 608 ᠵᠠᠰᠠᠭ ᠵᠠᠬᠢᠷᠭᠠᠨ ᠤ ᠲᠣᠰᠬᠤᠨ ᠟ ᠲᠤ ᠬᠤᠯᠪᠣᠭᠳᠠᠭᠤᠯᠤᠨ᠂ ᠤᠰᠤᠯᠠᠯᠲᠠ  ᠶᠢᠨ ᠣᠷᠣᠨ  ᠤ ᠲᠠᠷᠢᠶᠠᠯᠠᠩ ᠤᠨ ᠬᠠᠳᠤᠨ ᠭᠤᠣᠯ  ᠤᠨ ᠤᠰᠤ ᠶᠢ ᠲᠠᠲᠠᠵᠤ ᠤᠰᠤ ᠬᠠᠩᠭᠠᠬᠤ ᠰᠤᠪᠠᠭ ᠤᠨ ᠪᠦᠬᠦᠨ  ᠢ ᠬᠠᠮᠤᠷᠬᠤ ᠶᠢ ᠪᠡᠶᠡᠯᠡᠭᠦᠯᠦᠭᠰᠡᠨ ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ