ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠨᠡᠯᠦᠩᠬᠡᠢ ᠤᠰᠤᠯᠠᠯᠲᠠ ᠶᠢ ᠳᠤᠰᠤᠯᠭᠠᠨ ᠤᠰᠤᠯᠠᠬᠤ ᠪᠣᠯᠭᠠᠨ ᠥᠭᠡᠷᠡᠴᠢᠯᠡᠵᠦ ᠤᠰᠤ ᠠᠷᠪᠢᠯᠠᠨ ᠣᠷᠣᠯᠭ᠎ᠠ  ᠶᠢ ᠨᠡᠮᠡᠭᠳᠡᠭᠦᠯᠦᠨ᠎ᠠ
ᠨᠡᠶᠢᠲᠡᠯᠡᠭᠰᠡᠨ ᠴᠠᠭ᠄
2023/9/11
      ᠮᠠᠨ ᠤ ᠬᠤᠳᠠ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠥᠪᠡᠷ ᠤᠨ ᠦᠷᠳᠡᠭ ᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃      ᠤᠷᠠᠳ ᠤᠨ ᠳᠤᠮᠳᠠᠳᠤ ᠬᠤᠰᠢᠭᠤᠨ ᠤ ᠦᠵᠦᠭᠦᠷ ᠭᠤᠣᠯ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠲᠤ ᠣᠷᠣᠬᠤ ᠳᠤ᠂ ᠲᠠᠷᠢᠶᠠᠨ ᠭᠠᠵᠠᠷ ᠨᠢ ᠳᠦᠷᠪᠡᠯᠵᠢᠯᠡᠭᠰᠡᠨ᠂ ᠵᠠᠮ ᠨᠢ ᠬᠠᠷᠢᠯᠴᠠᠨ ᠨᠡᠪᠲᠡᠷᠡᠭᠰᠡᠨ᠂ ᠰᠤᠪᠠᠭ ᠨᠢ ᠵᠠᠯᠭᠠᠯᠳᠤᠭᠰᠠᠨ᠂ ᠤᠰᠤᠲᠤᠯ ᠢ ᠭᠠᠳᠠᠭᠰᠢᠯᠠᠭᠤᠯᠵᠤ ᠳᠡᠶᠢᠯᠬᠦ᠂ ᠭᠠᠩ ᠬᠠᠭᠰᠠᠷᠠᠭᠠᠨ ᠢ ᠤᠰᠤᠯᠠᠵᠤ ᠳᠡᠶᠢᠯᠬᠦ ᠰᠠᠶᠢᠨ ᠲᠠᠷᠢᠶᠠᠨ ᠭᠠᠵᠠᠷ ᠤᠨ ᠦᠵᠡᠮᠵᠢ ᠶᠢ ᠣᠯᠵᠤ ᠬᠠᠷᠠᠨ᠎ᠠ᠃ ᠦᠵᠦᠭᠦᠷ  ᠭᠤᠤᠯ ᠪᠠᠯᠭᠠᠰᠤᠨ ᠤ ᠬᠤᠩ ᠭᠤᠸᠠᠩ ᠱᠧᠩ ᠯᠢ ᠲᠣᠰᠬᠤᠨ ᠤ ᠠᠷᠠᠳ ᠵᠧᠦ ᠬᠠᠢ ᠵᠢᠶᠦ᠋ᠨ ᠤ ᠲᠥᠪᠡᠳ ᠬᠠᠰᠢ ᠪᠣᠯᠪᠠᠰᠤᠷᠠᠬᠤ ᠬᠤᠭᠤᠴᠠᠭᠠᠨ ᠳᠠᠭᠠᠨ ᠣᠷᠣᠭᠰᠠᠨ ᠤ ᠠᠴᠢ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ  ᠳᠤ ᠳᠤᠰᠤᠯᠭᠠᠨ ᠤᠰᠤᠯᠠᠬᠤ ᠲᠥᠬᠦᠭᠡᠷᠦᠮᠵᠢ ᠲᠣᠬᠢᠷᠠᠭᠤᠯᠵᠤ᠂ ᠶᠡᠭᠡ ᠤᠰᠤ ᠪᠠᠷ ᠨᠡᠯᠦᠩᠬᠡᠢ ᠤᠰᠤᠯᠠᠬᠤ ᠶᠢ ᠨᠠᠷᠢᠯᠢᠭ ᠳᠤᠰᠤᠯᠭᠠᠨ ᠤᠰᠤᠯᠠᠬᠤ ᠪᠣᠯᠭᠠᠨ ᠬᠤᠪᠢᠷᠠᠭᠤᠯᠵᠤ᠂ ᠮᠦ ᠪᠦᠷᠢ ᠶᠢᠨ ᠣᠷᠣᠯᠭ᠎ᠠ ᠶᠢ 200 ᠲᠥᠭᠦᠷᠢᠭ ᠣᠷᠴᠢᠮ ᠨᠡᠮᠡᠭᠳᠡᠭᠦᠯᠵᠦ ᠪᠣᠯᠣᠨ᠎ᠠ᠃      ᠦᠵᠦᠭᠦᠷ ᠭᠤᠣᠯ ᠪᠠᠯᠭᠠᠰᠤᠨ ᠤ ᠬᠤᠩ ᠭᠤᠸᠠᠩ ᠱᠧᠩ ᠯᠢ ᠲᠣᠰᠬᠤᠨ ᠤ ᠠᠷᠠᠳ ᠵᠧᠦ ᠬᠠᠢ ᠵᠢᠶᠦ᠋ᠨ ᠰᠤᠷᠪᠤᠯᠵᠢᠯᠠᠭᠴᠢ ᠳᠤ᠂ ᠦᠨᠡᠬᠡᠷ ᠤᠰᠤ ᠠᠷᠪᠢᠯᠠᠴᠢᠬᠠᠵᠠᠢ᠂ ᠥᠩᠭᠡᠷᠡᠭᠰᠡᠨ ᠳᠤ ᠨᠢᠭᠡ ᠮᠦ ᠭᠠᠵᠠᠷ ᠲᠤ 200 ᠭᠠᠷᠤᠢ ᠭᠠᠵᠠᠷ ᠤᠨ ᠤᠰᠤ ᠬᠡᠷᠡᠭᠯᠡᠵᠤ᠂ ᠡᠨᠡᠬᠦ ᠳᠤᠰᠤᠯᠭᠠᠨ ᠤᠰᠤᠯᠠᠯᠲᠠ ᠪᠠᠷ ᠳᠠᠮᠵᠢᠭᠠᠳ 20 ᠭᠠᠷᠤᠢ ᠭᠠᠵᠠᠷ ᠪᠠᠶᠢᠪᠠᠯ ᠪᠣᠯᠴᠢᠬᠠᠨ᠎ᠠ᠂ ᠲᠠᠷᠢᠶᠠᠴᠢᠨ ᠡᠷᠦᠭᠡ  ᠳᠤ ᠶᠡᠭᠡ ᠰᠠᠶᠢᠨ ᠪᠠᠶᠢᠨ᠎ᠠ ᠭᠡᠵᠤ ᠪᠠᠶᠢᠯ᠎ᠠ᠃      ᠡᠨᠡ ᠵᠢᠯ᠂  ᠦᠵᠦᠭᠦᠷ ᠭᠤᠣᠯ ᠪᠠᠯᠭᠠᠰᠤ 8 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠲᠥᠷᠥᠯ ᠵᠦᠢᠯ ᠤᠨ ᠲᠣᠭᠤᠷᠢᠭ ᠲᠤ ᠰᠢᠯᠵᠢᠮᠡᠯ ᠬᠡᠯᠪᠡᠷᠢ ᠶᠢᠨ ᠬᠠᠲᠤᠨ ᠭᠤᠣᠯ ᠤᠨ ᠤᠰᠤ ᠶᠢ ᠰᠢᠭᠤᠳ ᠱᠦᠭᠦᠬᠦ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠦᠲᠦᠮᠵᠢᠲᠡᠶ ᠰᠡᠷᠭᠡᠶᠢᠯᠡᠨ ᠵᠠᠰᠠᠬᠤ ᠶᠢ ᠪᠦᠲᠦᠮᠵᠢᠲᠡᠶ ᠠᠬᠢᠭᠤᠯᠪᠠ᠃ ᠡᠭᠦᠨ ᠤ ᠬᠠᠮᠲᠤ᠂ ᠤᠰᠤ ᠠᠷᠪᠢᠯᠠᠬᠤ ᠪᠠᠶᠢᠷᠢᠰᠢᠯ ᠢᠶᠠᠷ ᠳᠠᠷᠢᠬᠤ ᠪᠦᠲᠦᠴᠡ ᠶᠢ ᠪᠠᠶᠢᠷᠢᠯᠠᠭᠤᠯᠵᠤ᠂ ᠲᠥᠪᠡᠳ ᠬᠠᠰᠢ᠂ ᠲᠠᠷᠪᠤᠰ ᠵᠡᠷᠭᠡ 5 ᠲᠦᠮᠡᠨ ᠮᠦ ᠤᠰᠤ ᠠᠷᠪᠢᠯᠠᠬᠤ ᠲᠠᠷᠢᠮᠠᠯ ᠢ ᠲᠣᠬᠢᠷᠠᠭᠤᠯᠤᠨ ᠳᠠᠷᠢᠵᠤ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃      ᠤᠷᠠᠳ ᠤᠨ ᠳᠤᠮᠳᠠᠳᠤ ᠬᠤᠰᠢᠭᠤᠨ ᠤ ᠦᠵᠦᠭᠦᠷ ᠭᠤᠣᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠧᠨ ᠵᠢᠩ ᠤᠨ ᠶᠠᠷᠢᠬᠤ ᠪᠠᠷ᠂ ᠵᠠᠷᠢᠮ ᠠᠷᠭ᠎ᠠ ᠬᠡᠮᠵᠢᠶ᠎ᠡ ᠶᠢ ᠠᠪᠤᠭᠰᠠᠨ ᠢᠶᠠᠷ᠂ ᠬᠠᠳᠤᠨ ᠭᠤᠣᠯ ᠤᠨ ᠤᠰᠤᠯᠠᠯᠲᠠ ᠶᠢᠨ ᠣᠷᠣᠨ ᠤ ᠤᠰᠤ ᠬᠡᠷᠡᠭᠯᠡᠬᠦ ᠲᠠᠯ᠎ᠠ ᠪᠠᠷ ᠢᠯᠡᠳᠲᠡ ᠤᠰᠤ ᠠᠷᠪᠢᠯᠠᠬᠤ ᠦᠷ᠎ᠡ ᠪᠦᠲᠦᠮᠵᠢ ᠣᠯᠵᠤ᠂ ᠥᠩᠭᠡᠷᠡᠭᠰᠡᠨ ᠵᠢᠯ ᠤᠳ ᠤᠨ ᠬᠢ ᠠᠴᠠ 15% ᠤᠨ ᠤᠰᠤ ᠬᠡᠷᠡᠭᠯᠡᠬᠦ ᠬᠡᠮᠵᠢᠶ᠎ᠡ ᠪᠠᠷ ᠪᠠᠭᠤᠷᠠᠵᠠᠢ᠃ ᠲᠠᠷᠠᠭᠠᠴᠢ ᠶᠢᠨ ᠠᠯᠬᠤᠮ ᠳᠤ ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠤᠰᠤ ᠠᠷᠪᠢᠯᠠᠬᠤ ᠠᠯᠢ ᠣᠯᠠᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠩ ᠰᠠᠶᠢᠨ ᠨᠡᠮᠡᠭᠳᠡᠭᠦᠯᠦᠨ᠎ᠡ  ᠭᠡᠪᠡ᠃      ᠲᠠᠷᠢᠶᠠᠯᠠᠩ ᠳᠤ ᠬᠡᠷᠡᠭᠯᠡᠬᠦ ᠤᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠮᠠᠨ ᠤ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠢᠨᠵᠧᠨᠧᠷᠢᠩ ᠤᠨ ᠠᠷᠭ᠎ᠠ ᠬᠡᠮᠵᠢᠶ᠎ᠡ᠂ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠬᠦ ᠪᠠᠷ ᠳᠠᠮᠵᠢᠭᠤᠯᠤᠨ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠠᠰᠢᠭᠯᠠᠬᠤ ᠶᠢ ᠪᠡᠶᠡᠯᠡᠭᠦᠯᠦᠨ᠎ᠡ᠃ ᠡᠨᠡ ᠵᠢᠯ᠂ ᠪᠥᠬᠦ ᠬᠤᠲᠠ ᠳᠤ ᠪᠠᠷᠢᠮᠵᠢᠶᠠᠲᠤ ᠲᠠᠷᠢᠶᠠᠨ ᠭᠠᠵᠠᠷ ᠢ 93 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ ᠶᠢ 108.19 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃               
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ