ᠮᠠᠨ ᠤ ᠬᠤᠳᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ | ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠤᠰᠤᠯᠠᠯᠲᠠ ᠶᠢᠨ ᠣᠷᠣᠨ ᠤ ᠵᠠᠮ | ᠰᠤᠪᠠᠭ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠤᠰᠤᠯᠠᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠪᠡ᠃ | ᠡᠨᠡ ᠬᠤᠶᠠᠷ ᠡᠳᠦᠷ᠂ ᠯᠢᠨ ᠾᠧ ᠲᠣᠭᠤᠷᠢᠭ ᠤᠨ ᠤᠯᠠᠭᠠᠨᠲᠤᠭ ᠪᠠᠯᠭᠠᠰᠤᠨ ᠤ ᠯᠦᠩ ᠴᠢᠶᠠᠩ ᠲᠣᠰᠬᠤᠨ ᠤ ᠳᠠᠷᠢᠭᠰᠠᠨ ᠡᠷᠳᠡᠨᠢ ᠰᠢᠰᠢ ᠶᠢᠨ | ᠤᠰᠤᠯᠠᠯᠲᠠ ᠶᠢᠨ ᠠᠵᠢᠯ ᠡᠬᠢᠯᠡᠪᠡ᠂ ᠥᠩᠭᠡᠷᠡᠭᠰᠡᠨ ᠤ ᠬᠢ ᠲᠠᠢ ᠠᠳᠠᠯᠢ ᠦᠭᠡᠢ ᠨᠢ ᠭᠡᠪᠡᠯ᠂ ᠡᠨᠡ ᠵᠢᠯ ᠤᠨ ᠲᠣᠰᠬᠤᠨ ᠤ ᠠᠷᠠᠳ ᠤᠨ ᠤᠰᠤᠯᠠᠯᠲᠠ ᠶᠢᠨ ᠴᠠᠭ ᠨᠢ | ᠤᠤᠯ ᠤᠨ ᠬᠢ ᠠᠴᠠ ᠭᠤᠷᠪᠠᠨ ᠤ ᠨᠢᠭᠡ ᠬᠤᠪᠢ ᠪᠠᠷ ᠪᠣᠭᠤᠨᠢᠰᠴᠠᠢ᠂ ᠤᠰᠤ ᠬᠡᠷᠡᠭᠯᠡᠬᠦ ᠦᠷ᠎ᠡ ᠪᠦᠲᠦᠮᠵᠢ ᠳᠡᠭᠡᠭᠰᠢᠯᠡᠭᠰᠡᠨ ᠨᠢ ᠮᠠᠨ ᠤ ᠬᠤᠲᠠ ᠶᠢᠨ | ᠬᠡᠷᠡᠭᠵᠢᠭᠦᠯᠦᠭᠰᠡᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ | ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠶᠦᠩ ᠵᠢᠢ ᠤᠰᠤᠯᠠᠯᠲᠠ ᠶᠢᠨ ᠣᠷᠣᠨ ᠤ ᠰᠢᠨᠬᠤᠸᠠ ᠶᠢᠨ ᠬᠤᠪᠢᠶᠠᠷᠢ ᠭᠤᠣᠯ ᠰᠤᠪᠠᠭ ᠤᠨ ᠬᠡᠰᠡᠭ ᠤᠨ ᠰᠤᠪᠠᠭ ᠤᠨ | ᠳᠣᠲᠣᠷᠯᠠᠨ ᠴᠣᠭᠴᠠᠯᠠᠭᠰᠠᠨ ᠢᠨᠵᠧᠨᠧᠷᠢᠩ ᠠᠴᠠ ᠪᠣᠯᠤᠭᠰᠠᠨ ᠶᠤᠮ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠠᠮ ᠰᠤᠪᠠᠭ ᠤᠨ ᠤᠷᠤᠰᠬᠠᠯ ᠤᠨ | ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠤᠰᠤᠯᠠᠯᠲᠠ ᠶᠢᠨ ᠣᠷᠣᠨ ᠤ 17 ᠵᠠᠰᠠᠭ ᠵᠠᠬᠢᠷᠭᠠᠨ ᠤ ᠲᠣᠰᠬᠤᠨ ᠳᠤ ᠠᠰᠢᠭ ᠬᠦᠷᠲᠡᠭᠡᠪᠡ᠃ | ᠯᠢᠨ ᠾᠧ ᠲᠣᠭᠤᠷᠢᠭ ᠤᠨ ᠤᠯᠠᠭᠠᠨᠳᠤᠭ ᠪᠠᠯᠭᠠᠰᠤᠨ ᠤ ᠲᠤᠸᠠᠨ ᠵᠢᠶᠧ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠳᠠᠷᠤᠭ᠎ᠠ ᠬᠤᠤ ᠵᠢᠶᠠᠨ ᠸᠧᠢ ᠶᠢᠨ | ᠬᠡᠯᠡᠬᠦ ᠪᠠᠷ᠂ ᠥᠩᠭᠡᠷᠡᠭᠰᠡᠨ ᠳᠤ 5 ᠠᠴᠠ 7 ᠡᠳᠦᠷ ᠤᠰᠤᠯᠡᠵᠤ ᠪᠠᠶᠢᠪᠠ᠂ ᠤᠳᠤ 2 ᠠᠴᠠ 3 ᠡᠳᠦᠷ ᠠᠷᠪᠢᠯᠠᠭᠠᠳ 2000 ᠭᠠᠷᠤᠢ ᠮᠦ ᠲᠠᠷᠢᠶ᠎ᠠ | ᠤᠰᠤᠯᠠᠬᠤ ᠪᠤᠯᠤᠭᠰᠠᠨ᠂ ᠡᠨᠡ ᠨᠢ ᠮᠠᠨ ᠤ ᠲᠠᠷᠢᠶᠠᠴᠢᠳ ᠲᠤ ᠮᠠᠰᠢ ᠶᠡᠭᠡ ᠠᠰᠢᠭ ᠲᠠᠢ ᠶᠤᠮ ᠭᠡᠵᠤ ᠪᠠᠶᠢᠯ᠎ᠠ᠃ | ᠶᠦᠩ ᠵᠢᠢ ᠤᠰᠤᠯᠠᠯᠲᠠ ᠶᠢᠨ ᠣᠷᠣᠨ ᠪᠣᠯ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤ ᠶᠢ | ᠲᠠᠲᠠᠵᠤ ᠤᠰᠤᠯᠠᠬᠤ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠤ ᠨᠢᠭᠡ ᠪᠣᠯᠣᠨ᠎ᠠ᠂ ᠣᠲᠣ ᠶᠢᠨ ᠤᠰᠤᠯᠠᠯᠲᠠ ᠶᠢᠨ ᠲᠠᠯᠠᠪᠠᠶ 174.03 ᠲᠦᠮᠡᠨ ᠮᠦ ᠪᠠᠶᠢᠵᠤ | ᠂ ᠭᠤᠣᠯᠳᠠᠭᠤ ᠯᠢᠨ ᠾᠧ ᠲᠣᠭᠤᠷᠢᠭ ᠤᠨ 9 ᠰᠢᠶᠠᠩ ᠪᠠᠯᠭᠠᠰᠤ᠂ 2 ᠲᠠᠷᠢᠶᠠᠯᠠᠩ ᠤᠨ ᠲᠠᠯᠠᠪᠠᠶ ᠪᠣᠯᠣᠨ ᠦᠶᠤᠸᠠᠨ ᠰᠢᠶᠠᠨ ᠵᠢᠴᠢ ᠤᠷᠠᠳ ᠤᠨ ᠳᠤᠮᠳᠠᠳᠤ | ᠬᠤᠰᠢᠭᠤᠨ ᠤ ᠬᠡᠰᠡᠭ ᠭᠠᠵᠠᠷ ᠰᠢᠷᠣᠢ ᠶᠢᠨ ᠤᠰᠤᠯᠠᠯᠲᠠ ᠶᠢᠨ ᠤᠰᠤ ᠵᠠᠯᠠᠬᠤ ᠡᠭᠦᠷᠭᠡ ᠶᠢ ᠡᠭᠦᠷᠭᠡᠯᠡᠵᠦ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠬᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠤᠨ | ᠭᠤᠣᠯᠳᠠᠯᠭ᠎ᠠ ᠲᠠᠢ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠶᠦᠩ ᠵᠢᠢ ᠶᠢᠨ ᠤᠰᠤᠯᠠᠯᠲᠠ ᠶᠢᠨ ᠣᠷᠣᠨ ᠢ ᠲᠥᠯᠥᠪᠵᠢᠭᠦᠯᠦᠨ ᠥᠭᠡᠷᠡᠴᠢᠯᠡᠬᠦ | ᠲᠠᠯᠠᠪᠠᠢ 106.9 ᠲᠦᠮᠡᠨ ᠮᠦ ᠳᠤ ᠬᠦᠷᠴᠦ᠂ 8.72 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠭᠰᠠᠨ ᠪᠠᠶᠢᠨ᠎ᠠ᠃ | ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠶᠦᠩ ᠵᠢᠢ ᠶᠢᠨ | ᠬᠤᠪᠢᠶᠠᠷᠢ ᠲᠥᠪ ᠤᠨ ᠢᠨᠵᠧᠨᠧᠷᠢᠩ ᠤᠨ ᠰᠠᠯᠠᠭᠠᠨ ᠤ ᠳᠠᠷᠤᠭ᠎ᠠ ᠮᠠ ᠬᠤᠢ ᠵᠢᠶᠦ᠋ᠨ ᠤ ᠲᠠᠨᠢᠯᠴᠠᠭᠤᠯᠬᠤ ᠪᠠᠷ᠂ ᠤᠰᠤ ᠤᠷᠤᠭᠤᠯᠬᠤ ᠴᠠᠭ ᠨᠢ ᠪᠣᠭᠤᠨᠢᠰᠤᠭᠰᠠᠨ ᠤ | ᠳᠠᠷᠠᠭ᠎ᠠ᠂ ᠲᠡᠭᠦᠨ ᠤ ᠠᠭᠤᠷᠰᠢᠯᠲᠠ ᠶᠢᠨ ᠬᠡᠮᠵᠢᠶ᠎ᠡ ᠪᠠ ᠨᠡᠪᠴᠢᠯᠲᠡ ᠶᠢᠨ ᠬᠡᠮᠵᠢᠶ᠎ᠡ ᠨᠢ ᠪᠦᠷ ᠪᠠᠭᠠᠰᠴᠤ᠂ ᠤᠳᠤ ᠪᠣᠯᠲᠠᠯ᠎ᠠ ᠤᠰᠤ ᠬᠡᠷᠡᠭᠯᠡᠬᠦ ᠬᠡᠮᠵᠢᠶ᠎ᠡ ᠶᠢ 310 | ᠲᠦᠮᠡᠨ ᠪᠣᠰᠤᠭ᠎ᠠ ᠳᠥᠷᠪᠡᠯᠵᠢᠨ ᠮᠧᠲᠷ ᠠᠷᠪᠢᠯᠠᠵᠠᠢ᠃ ᠨᠠᠮᠤᠷ ᠤᠨ ᠤᠰᠤᠯᠡᠯᠳᠡ ᠠᠴᠠ ᠡᠮᠦᠨ᠎ᠡ ᠪᠤᠢ ᠪᠦᠬᠦᠢ ᠤᠰᠤᠨ ᠳᠣᠣᠷᠠᠬᠢ ᠪᠠᠷᠢᠯᠭ᠎ᠠ ᠶᠢᠨ ᠡᠭᠦᠷᠭᠡ ᠶᠢ | ᠪᠡᠶᠡᠯᠡᠬᠦᠯᠵᠤ ᠠᠰᠢᠭᠯᠠᠯᠲᠠ ᠳᠤ ᠤᠷᠤᠭᠤᠯᠬᠤ ᠪᠣᠯᠣᠨ᠎ᠠ᠃ ᠮᠠᠨ ᠤ ᠠᠷᠠᠳ ᠲᠤ ᠴᠠᠭ ᠲᠤᠬᠠᠢ ᠳᠤᠨᠢ ᠤᠰᠤ ᠬᠡᠷᠡᠭᠯᠡᠭᠦᠯᠵᠦ᠂ ᠤᠰᠤᠯᠠᠯᠲᠠ ᠶᠢᠨ ᠪᠠᠲᠤᠯᠠᠭ᠎ᠠ ᠶᠢᠨ | ᠨᠣᠷᠮ᠎ᠠ ᠶᠢ ᠳᠡᠭᠡᠭᠰᠢᠯᠡᠭᠦᠯᠵᠦ ᠴᠢᠳᠠᠨ᠎ᠠ ᠭᠡᠵᠤ ᠪᠠᠶᠢᠯ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ | ᠣᠳᠣᠬᠢᠴᠢᠯᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ ᠳᠤ ᠨᠡᠶᠢᠲᠡ 18.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠥᠭᠡᠷᠡᠴᠢᠯᠡᠯᠲᠡ ᠶᠢᠨ | ᠬᠦᠷᠢᠶ᠎ᠡ ᠬᠡᠪᠴᠢᠶ᠎ᠡ ᠶᠢ ᠶᠦᠩ ᠵᠢᠢ ᠤᠰᠤᠯᠠᠯᠲᠠ ᠶᠢᠨ ᠣᠷᠣᠨ ᠪᠠ ᠢ ᠴᠠᠩ ᠤᠰᠤᠯᠠᠯᠲᠠ ᠶᠢᠨ ᠣᠷᠣᠨ ᠳᠤ ᠲᠥᠪᠯᠡᠷᠡᠭᠦᠯᠵᠦ᠂ ᠭᠤᠣᠯᠳᠠᠭᠤ ᠰᠤᠪᠠᠭ ᠤᠨ ᠳᠣᠲᠣᠷ | ᠴᠣᠭᠴᠠᠯᠠᠯ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠪᠠᠷᠢᠯᠭ᠎ᠠ ᠵᠡᠷᠭᠡ ᠠᠭᠤᠯᠭ᠎ᠠ ᠶᠢ ᠪᠠᠭᠲᠠᠭᠠᠨ᠎ᠠ᠃2023 ᠣᠨ ᠳᠤ᠂ ᠲᠥᠷᠥᠯ ᠵᠦᠢᠯ ᠤᠨ | ᠴᠣᠬᠤᠯᠠᠪᠤᠷᠢᠯᠠᠨ ᠬᠠᠷᠢᠭᠤᠯᠤᠭᠰᠠᠨ ᠪᠡᠯᠡ ᠣᠷᠣᠭᠤᠯᠤᠯᠲᠠ 4.5 ᠳ᠋ᠦᠩᠰᠢᠭᠤᠷ ᠲᠥᠭᠦᠷᠢᠭ ᠲᠤ ᠬᠦᠷᠴᠦ᠂ ᠤᠰᠤᠯᠠᠯᠲᠠ ᠶᠢᠨ ᠣᠷᠣᠨ ᠤ ᠤᠯᠤᠰ ᠠᠴᠠ ᠬᠠᠮᠢᠶᠠᠷᠬᠤ | ᠰᠤᠪᠠᠭ 6 ᠵᠤᠷᠪᠤᠰ᠂ ᠨᠡᠶᠢᠲᠡ 95 ᠺᠢᠯᠣᠮᠧᠲᠷ ᠤᠨ ᠳᠣᠲᠣᠷ ᠴᠣᠭᠴᠠᠯᠠᠯ ᠤᠨ ᠪᠠᠷᠢᠯᠭ᠎ᠠ ᠳᠤ ᠬᠤᠯᠪᠤᠭᠳᠡᠨᠡ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ | ᠂ ᠵᠢᠯ ᠤᠨ ᠢᠨᠵᠧᠨᠧᠷᠢᠩ ᠤᠨ ᠤᠰᠤ ᠠᠷᠪᠢᠯᠠᠬᠤ ᠬᠡᠮᠵᠢᠶ᠎ᠡ 1.48 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠪᠡᠶᠡᠯᠡᠬᠦᠯᠬᠦ ᠪᠣᠯᠣᠨ᠎ᠠ᠃ | | | | | | | |