ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠳ᠋ᠧᠩᠺᠸᠦ ᠰᠢᠶᠠᠨ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠠᠵᠢᠯ ᠢ ᠶᠡᠭᠡ ᠪᠠᠷ ᠳᠡᠯᠭᠡᠷᠡᠭᠦᠯᠵᠦ ᠲᠠᠷᠢᠮᠠᠯ ᠤᠨ ᠤᠨᠠᠯᠳᠠ ᠶᠢ ᠲᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/9/11
      ᠳ᠋ᠧᠩᠺᠸᠦ ᠰᠢᠶᠠᠨ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠠᠵᠢᠯ ᠢ ᠶᠡᠭᠡ ᠪᠠᠷ ᠳᠡᠯᠭᠡᠷᠡᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠴᠢᠷᠮᠠᠶᠢᠨ ᠠᠭᠢᠭᠤᠯᠵᠤ ᠪᠠᠶᠢᠨ᠎ᠠ᠃      ᠳ᠋ᠧᠩᠺᠸᠦ ᠰᠢᠶᠠᠨ ᠤ ᠱᠠᠵᠢᠨᠳᠤᠬᠤᠢ ᠰᠤᠮᠤ ᠶᠢᠨ ᠪᠠᠶᠠᠨᠪᠤᠯᠠᠭ ᠭᠠᠴᠠᠭ᠎ᠠ ᠶᠢᠨ 7.8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠲᠤ᠂ ᠤᠰᠤ ᠪᠣᠷᠲᠣᠭᠤᠷ ᠢ ᠨᠢᠭᠡ ᠴᠤᠭᠴᠠᠵᠢᠭᠤᠯᠬᠤ ᠲᠥᠬᠦᠭᠡᠷᠦᠮᠵᠢ ᠪᠠᠷ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠯᠳᠠ ᠭᠢᠵᠦ᠂ ᠬᠠᠲᠤᠨ ᠭᠤᠤᠯ ᠤᠨ ᠤᠰᠤ ᠶᠢ ᠱᠦᠭᠦᠷᠡᠭᠦᠯᠦᠭᠰᠡᠨ ᠤ ᠳᠠᠷᠠᠭ᠎ᠠ ᠣᠰᠣᠯᠠᠯᠳᠠ ᠶᠢᠨ ᠬᠤᠭᠤᠯᠠᠶ ᠪᠠᠷ ᠳᠠᠮᠵᠢᠭᠤᠯᠤᠨ ᠰᠢᠭᠤᠳ ᠲᠠᠷᠢᠮᠠᠯ ᠤᠨ ᠦᠨᠳᠦᠰᠦᠨ ᠳᠤ ᠬᠦᠷᠭᠡᠵᠦ ᠪᠠᠶᠢᠨ᠎ᠠ᠃      ᠳ᠋ᠧᠩᠺᠸᠤ ᠰᠢᠶᠠᠨ ᠤ ᠱᠠᠵᠢᠨᠳᠤᠬᠤᠢ ᠰᠤᠮᠤ ᠶᠢᠨ ᠪᠠᠶᠠᠨᠪᠤᠯᠠᠭ ᠭᠠᠴᠠᠭ᠎ᠠ ᠶᠢᠨ ᠲᠠᠷᠢᠮᠠᠯ ᠤᠨ ᠡᠷᠦᠬᠡ ᠯᠢᠦ ᠵᠢᠶᠠᠨ ᠵᠦᠩ ᠤᠨ ᠭᠡᠯᠡᠭᠦ ᠪᠠᠷ᠂ ᠡᠨᠡ ᠵᠢᠯ ᠪᠠᠰᠠ ᠬᠠᠲᠤᠨ ᠭᠤᠣᠯ ᠤᠨ ᠤᠰᠤ ᠶᠢ ᠣᠷᠣᠭᠤᠯᠤᠨ ᠠᠪᠴᠢᠷᠠᠵᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ ᠭᠡᠷᠡᠭᠯᠡᠨ ᠣᠷᠭᠠᠨᠢᠭ ᠪᠤᠷᠳᠤᠭᠤᠷ ᠢ ᠭᠡᠷᠡᠭᠯᠡᠭᠰᠡᠨ ᠠᠴᠠ ᠤᠨᠠᠯᠳᠠ ᠶᠢ 20% ᠢᠶᠠᠷ ᠨᠡᠮᠡᠭᠳᠡᠭᠦᠯᠵᠦ᠂ ᠤᠰᠤ ᠶᠢ 50% ᠣᠷᠴᠢᠮ ᠠᠷᠪᠢᠯᠠᠵᠤ᠂ ᠣᠷᠣᠯᠭ᠎ᠠ ᠶᠢ 20% ᠤᠷᠴᠢᠮ ᠨᠡᠮᠡᠭᠳᠡᠭᠦᠯᠵᠡᠢ ᠭᠡᠵᠦ ᠪᠠᠶᠢᠯ᠎ᠠ᠃      ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠵᠤ ᠤᠰᠤᠨ ᠪᠣᠷᠲᠣᠭᠤᠷ ᠢ ᠨᠢᠭᠡ ᠴᠤᠭᠴᠠᠵᠢᠭᠤᠯᠬᠤ ᠭᠡᠳᠡᠭ ᠨᠢ ᠬᠠᠲᠤᠨ ᠭᠤᠤᠯ ᠤᠨ ᠤᠰᠤ ᠶᠢ ᠤᠰᠤ ᠬᠠᠳᠠᠭᠠᠯᠠᠬᠤ ᠴᠥᠭᠦᠷᠥᠮ ᠳᠤ ᠣᠷᠣᠭᠤᠯᠤᠨ ᠲᠤᠩᠭᠠᠵᠤ᠂ ᠳᠠᠬᠢᠨ ᠬᠥᠭᠡᠷᠭᠡ ᠶᠢᠨ ᠥᠷᠲᠡᠭᠡ ᠪᠠ ᠲᠠᠷᠢᠶᠠᠨ ᠭᠠᠵᠠᠷ ᠤᠨ ᠬᠤᠭᠤᠯᠠᠶ ᠶᠢᠨ ᠲᠣᠤᠷ ᠢᠶᠠᠷ ᠳᠡᠮᠵᠢᠨ᠂ ᠤᠰᠤᠨ ᠪᠣᠷᠲᠣᠭᠤᠷ ᠢ ᠲᠠᠷᠢᠮᠠᠯ ᠳᠤ ᠬᠦᠷᠭᠡᠨ ᠨᠠᠷᠢᠯᠢᠭ ᠣᠨᠣᠴᠠᠲᠠᠶ ᠪᠠᠷ ᠤᠰᠤᠯᠠᠬᠤ᠂ ᠨᠠᠷᠢᠯᠢᠭ ᠣᠨᠣᠴᠠᠲᠠᠶ ᠪᠠᠷ ᠪᠣᠷᠲᠣᠭᠤᠷ ᠣᠷᠣᠭᠤᠯᠬᠤ ᠶᠢ ᠬᠡᠯᠡᠨ᠎ᠡ᠃ 2022 ᠣᠨ ᠪᠣᠯᠲᠠᠯ᠎ᠠ᠂ ᠳ᠋ᠧᠩᠺᠸᠤ ᠰᠢᠶᠠᠨ ᠨᠤᠭᠤ ᠭᠠᠵᠠᠷ᠂ ᠰᠠᠯᠬᠢᠨ ᠤ ᠢᠳᠡᠭᠳᠡᠯ ᠤᠨ ᠬᠤᠩᠭᠢᠯ ᠵᠡᠷᠭᠡ ᠠᠰᠢᠭᠲᠠᠢ ᠭᠠᠵᠠᠷ ᠤᠨ ᠪᠠᠶᠢᠴᠠ ᠶᠢ ᠠᠰᠢᠭᠯᠠᠵᠤ᠂ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠬᠥᠭᠡᠷᠭᠡ ᠶᠢᠨ ᠦᠷᠳᠡᠭᠡ ᠶᠢ ᠨᠡᠶᠢᠳᠡ 11 ᠪᠠᠶᠢᠭᠤᠯᠵᠤ᠂ ᠤᠰᠤᠯᠠᠯᠲᠠ ᠶᠢᠨ ᠲᠠᠯᠠᠪᠠᠢ ᠶᠢ 18 ᠲᠦᠮᠡᠨ ᠮᠦ ᠳᠤ ᠬᠦᠷᠭᠡᠵᠡᠢ᠃ ᠡᠨᠡ ᠵᠢᠯ ᠪᠦᠬᠦ ᠰᠢᠶᠠᠨ ᠢᠶᠠᠷ ᠢᠶᠠᠨ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠬᠥᠭᠡᠷᠭᠡ ᠶᠢᠨ ᠦᠷᠳᠡᠭᠡ ᠶᠢ 10 ᠪᠠᠶᠢᠭᠤᠯᠵᠤ᠂ ᠶᠡᠷᠦᠩᠬᠡᠶ ᠤᠰᠤᠯᠠᠯᠲᠠ ᠶᠢᠨ ᠳᠠᠯᠠᠪᠠᠢ ᠶᠢ 10 ᠲᠦᠮᠡᠨ ᠮᠦ ᠪᠣᠯᠭᠠᠬᠤ ᠪᠠᠷ ᠲᠥᠯᠥᠪᠯᠡᠵᠦ ᠪᠠᠶᠢᠨ᠎ᠠ᠃      ᠳ᠋ᠧᠩᠺᠸᠤ ᠰᠢᠶᠠᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠰᠢᠶᠧ ᠵᠧᠩ ᠳ᠋ᠧ ᠶᠢᠨ ᠭᠡᠯᠡᠭᠦ ᠪᠠᠷ᠂ 2025 ᠣᠨ ᠪᠣᠯᠬᠤ ᠳᠤ᠂ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠤᠰᠤ ᠪᠤᠷᠳᠤᠭᠤᠷ ᠢ ᠨᠢᠭᠡ ᠴᠤᠬᠴᠠᠵᠢᠭᠤᠯᠤᠬᠰᠠᠨ ᠲᠠᠯᠠᠪᠠᠢ ᠶᠢ 50 ᠲᠦᠮᠡᠨ ᠮᠦ ᠪᠡᠶᠡᠯᠡᠭᠦᠯᠬᠦ ᠪᠠᠷ ᠲᠥᠯᠥᠪᠯᠡᠵᠦ᠂ ᠬᠠᠲᠤᠨ ᠭᠤᠤᠯ ᠤᠨ ᠤᠰᠤ ᠶᠢ ᠲᠠᠲᠠᠵᠤ  ᠨᠠᠷᠢᠯᠢᠭ ᠤᠨᠤᠴᠠᠳᠠᠢ ᠤᠰᠤᠯᠠᠬᠤ ᠪᠠᠷ ᠳᠡᠮᠵᠢᠨ᠂ ᠤᠰᠤ ᠠᠷᠪᠢᠯᠠᠵᠤ ᠥᠪᠡᠷ ᠤᠨ ᠥᠷᠲᠡᠭ ᠢ ᠪᠠᠭᠤᠷᠠᠭᠤᠯᠬᠤ᠂ ᠣᠷᠣᠯᠭ᠎ᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠬᠠᠮᠲᠤ ᠠᠮᠢ ᠠᠬᠤᠶ ᠶᠢᠨ ᠣᠷᠴᠢᠨ ᠲᠣᠭᠤᠷᠢᠨ ᠢ  ᠰᠠᠶᠢᠵᠢᠷᠠᠭᠤᠯᠤᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ