ᠮᠠᠨ ᠤ ᠬᠤᠲᠠ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠤᠰᠤᠨ ᠤ | ᠡᠬᠢ ᠰᠤᠷᠪᠤᠯᠵᠢ ᠶᠢᠨ ᠠᠰᠢᠭᠯᠠᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤᠯᠠᠯᠲᠠ ᠶᠢᠨ ᠡᠬᠢ ᠢᠷᠡᠯᠳᠡ ᠠᠴᠠ ᠲᠠᠷᠢᠶᠠᠨ ᠭᠠᠵᠠᠷ | ᠬᠦᠷᠲᠡᠯ᠎ᠡ᠂ ᠳᠤᠰᠤᠯ ᠤᠰᠤ ᠪᠦᠷᠢ ᠶᠢ ᠨᠠᠷᠢᠨ ᠨᠢᠮᠪᠠᠢ ᠲᠥᠯᠥᠪᠯᠡᠨ ᠰᠠᠶᠢᠲᠤᠷ ᠬᠡᠷᠡᠭᠯᠡᠵᠦ᠂ ᠲᠠᠷᠢᠶᠠᠴᠢᠳ ᠤᠨ ᠭᠠᠷᠤᠯᠲᠠ ᠶᠢ ᠨᠡᠮᠡᠭᠳᠡᠭᠦᠯᠬᠦ ᠶᠢᠨ ᠬᠠᠮᠲᠤ ᠣᠷᠣᠯᠭ᠎ᠠ | ᠶᠢ ᠨᠡᠮᠡᠭᠳᠡᠭᠦᠯᠦᠨ᠎ᠡ᠃ | ᠬᠠᠩᠭᠢᠨ ᠬᠤᠶᠢᠲᠤ ᠬᠤᠰᠢᠭᠤᠨ ᠤ ᠱᠠ ᠬᠠᠢ ᠪᠠᠯᠭᠠᠰᠤᠨ ᠤ ᠰᠢᠨ ᠬᠤᠩ ᠲᠣᠰᠬᠤᠨ ᠤ ᠥᠨᠳᠥᠷ ᠠᠰᠢᠭᠳᠤ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ | ᠦᠵᠡᠭᠦᠯᠬᠦ ᠴᠡᠭ ᠲᠤ ᠬᠦᠷᠬᠦ ᠳᠤ᠂ ᠡᠷᠳᠡᠨᠢ ᠰᠢᠰᠢ ᠶᠢᠨ ᠤᠷᠭᠤᠴᠠ ᠲᠤᠩ ᠰᠠᠶᠢᠨ ᠪᠠᠶᠢᠵᠤ᠂ ᠲᠣᠰᠬᠤᠨ ᠤ ᠠᠷᠠᠳ ᠵᠤᠤ ᠷᠦ᠋ᠨ ᠬᠤᠸᠠᠨ ᠶᠠᠭ ᠰᠠᠶ᠋ᠢᠬᠠᠨ | ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠮᠠᠰᠢᠨ ᠢᠶᠠᠷ ᠲᠠᠷᠢᠶᠠᠨ ᠳᠠᠭᠠᠨ ᠤᠰᠤᠯᠡᠯᠳᠡ ᠬᠢᠵᠤ ᠪᠠᠶᠢᠯ᠎ᠠ᠃ ᠰᠢᠨ ᠬᠤᠩ ᠲᠣᠰᠬᠤᠨ ᠤ ᠥᠨᠳᠥᠷ ᠦᠷ᠎ᠡ | ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠴᠡᠭ 8000 ᠮᠦ ᠭᠠᠵᠠᠷ ᠢ ᠡᠵᠡᠯᠡᠵᠦ᠂ ᠳᠤᠰᠤᠯᠭᠠᠨ ᠤᠰᠤᠯᠠᠬᠤ ᠪᠦᠰᠡ ᠪᠠᠷ ᠡᠷᠳᠡᠨᠢ ᠰᠢᠰᠢ | ᠲᠠᠷᠢᠬᠤ ᠳᠤ ᠮᠦ ᠪᠦᠷᠢ ᠳᠤ ᠪᠠᠷᠤᠭ 30% ᠤᠨ ᠤᠰᠤ ᠠᠷᠪᠢᠯᠠᠵᠤ᠂ 30% ᠣᠷᠴᠢᠮ ᠤᠨ ᠪᠣᠷᠳᠣᠭᠤᠷ ᠠᠷᠪᠢᠯᠠᠨ᠂ ᠤᠨᠡᠯᠳᠡ ᠨᠢ 10% ᠢᠶᠠᠷ ᠨᠡᠮᠡᠭᠳᠡᠵᠦ᠂ | ᠮᠦ ᠪᠦᠷᠢ ᠳᠤ 300 ᠲᠥᠭᠦᠷᠢᠭ ᠣᠷᠴᠢᠮ ᠣᠷᠣᠯᠭ᠎ᠠ ᠨᠡᠮᠡᠭᠳᠡᠵᠦ᠂ ᠲᠠᠷᠢᠮᠠᠯ ᠤᠨ ᠴᠢᠨᠠᠷ ᠰᠠᠶᠢᠲᠠᠢ ᠥᠨᠳᠥᠷ ᠤᠨᠠᠯᠲᠠ ᠪᠠ ᠤᠰᠤᠨ ᠤ ᠡᠬᠢ ᠪᠠᠶᠠᠯᠢᠭ ᠢ ᠥᠨᠳᠥᠷ | ᠦᠷ᠎ᠡ ᠠᠰᠢᠭ ᠲᠠᠢ ᠠᠰᠢᠭᠯᠠᠬᠤ ᠶᠢ ᠦᠨᠡᠨᠬᠦ ᠪᠡᠶᠡᠯᠡᠬᠦᠯᠵᠡᠢ᠃ | ᠬᠠᠩᠭᠢᠨ ᠬᠤᠶᠢᠲᠤ ᠬᠤᠰᠢᠭᠤᠨ ᠤ ᠱᠠ ᠬᠠᠢ ᠪᠠᠯᠭᠠᠰᠤᠨ ᠤ ᠰᠢᠨ ᠬᠤᠩ ᠲᠣᠰᠬᠤᠨ ᠤ ᠨᠢᠭᠡᠳᠦᠭᠡᠷ ᠳᠤᠭᠤᠶᠢᠯᠠᠩ ᠤᠨ ᠠᠷᠠᠳ ᠵᠣᠣ ᠷᠦᠨ ᠬᠤᠸᠠᠨ ᠤ | ᠬᠡᠯᠡᠬᠦ ᠪᠠᠷ᠂ ᠪᠢᠳᠡ ᠤᠰᠤᠨ ᠪᠣᠷᠳᠣᠭᠤᠷ ᠢ ᠨᠢᠭᠡ ᠴᠣᠭᠴᠠᠵᠢᠭᠤᠯᠬᠤ ᠮᠠᠰᠢᠨ ᠢ ᠬᠡᠷᠡᠭᠯᠡᠬᠦ ᠪᠠᠷ ᠳᠡᠮᠵᠢᠨ᠂ ᠮᠠᠨ ᠤ ᠡᠷᠳᠡᠨᠢ ᠰᠢᠰᠢ ᠶᠢᠨ ᠣᠷᠣᠯᠭ᠎ᠠ ᠢᠯᠡᠳᠲᠡ | ᠨᠡᠮᠡᠭᠳᠡᠵᠦ᠂ ᠮᠠᠨ ᠤ ᠡᠨᠡ ᠵᠢᠯ ᠤᠨ ᠳᠠᠷᠢᠭᠰᠠᠨ 135 ᠮᠦ ᠡᠷᠳᠡᠨᠢ ᠰᠢᠰᠢ ᠶᠢᠨ ᠤᠷᠭᠤᠴᠠ ᠣᠨᠴᠠᠭᠠᠶ ᠰᠠᠶᠢᠨ ᠪᠠᠶᠢᠵᠤ᠂ 15000 ᠲᠥᠭᠦᠷᠢᠭ ᠣᠷᠴᠢᠮ ᠤᠨ | ᠣᠷᠣᠯᠭ᠎ᠠ ᠨᠡᠮᠡᠭᠳᠡᠬᠦ ᠪᠣᠯᠣᠨ᠎ᠠ ᠭᠡᠵᠤ ᠪᠠᠶᠢᠯ᠎ᠠ᠃ | ᠮᠠᠨ ᠤ ᠬᠤᠲᠠ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠤᠰᠤᠨ ᠤ | ᠡᠬᠢ ᠢᠷᠡᠯᠳᠡ ᠠᠴᠠ ᠲᠠᠷᠢᠶᠠᠨ ᠭᠠᠵᠠᠷ ᠬᠦᠷᠲᠡᠯᠡᠬᠢ ᠠᠯᠢ ᠣᠯᠠᠨ ︽ᠤᠰᠤ ᠠᠷᠪᠢᠯᠠᠬᠤ ᠢᠨᠵᠧᠨᠧᠷᠢᠩ︾ ᠢ ᠶᠡᠭᠡ ᠪᠠᠷ ᠬᠡᠷᠡᠭᠵᠢᠭᠦᠯᠬᠦ ᠪᠠᠷ ᠳᠠᠮᠵᠢᠭᠤᠯᠤᠨ᠂ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠬᠢᠭᠡᠳ ᠣᠶᠤᠨᠴᠢ ᠲᠠᠷᠢᠶᠠᠯᠠᠩ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠲᠣ ᠦᠶ᠎ᠡ ᠶᠢᠨ | ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠦᠲᠦᠮᠵᠢᠲᠡᠶ ᠲᠦᠯᠬᠢᠨ ᠠᠬᠢᠭᠤᠯᠤᠭᠰᠠᠨ ᠪᠠᠶᠢᠨ᠎ᠠ᠃ ᠡᠨᠡ ᠵᠢᠯ ᠮᠠᠨ ᠤ ᠬᠤᠲᠠ ᠨᠢᠭᠡᠨᠲᠡ | 309 ᠲᠦᠮᠡᠨ ᠮᠦ ᠶᠢ ᠥᠨᠳᠥᠷ ᠠᠰᠢᠭᠳᠤ ᠤᠰᠤ ᠠᠷᠪᠢᠯᠠᠬᠤ ᠲᠠᠷᠢᠶᠠᠨ ᠭᠠᠵᠠᠷ ᠤᠨ ᠲᠠᠯᠠᠪᠠᠶ ᠳᠤ ᠣᠷᠣᠭᠤᠯᠵᠠᠢ᠃ 2023 ᠣᠨ ᠳᠤ᠂ ᠪᠥᠬᠦ ᠬᠤᠲᠠ ᠳᠤ | 93 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 80 ᠲᠦᠮᠡᠨ ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ ︽ᠠᠮᠤ | ᠪᠤᠳᠠᠭᠠᠨ ᠤ ᠲᠠᠷᠢᠶᠠᠨ ᠭᠠᠵᠠᠷ︾ ᠢ ︽ᠰᠠᠶᠢᠨ ᠲᠠᠷᠢᠶᠠᠨ ᠭᠠᠵᠠᠷ︾ ᠪᠣᠯᠭᠠᠭᠰᠠᠨ ᠤ ᠳᠠᠷᠠᠭ᠎ᠠ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ | ᠤᠯᠠᠮ ᠨᠢᠭᠡ ᠠᠯᠬᠤᠮ ᠰᠠᠶᠢᠵᠢᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠢᠯᠡᠳᠲᠡ ᠲᠡᠭᠡᠭᠰᠢᠯᠡᠬᠦᠯᠤᠭ᠍ᠰᠡᠨ ᠪᠠᠶᠢᠨ᠎ᠠ ᠃ | | | | | | | | |