ᠯᠢᠨ ᠡᠾᠧ ᠲᠣᠭᠤᠷᠢᠭ ᠤᠨ ᠵᠢᠨᠴᠤᠸᠠᠨ ᠵᠡᠭᠡᠯᠢ ᠭᠤᠳᠤᠮᠵᠢ ᠶᠢᠨ ᠮᠢᠩ ᠵᠦ ᠨᠡᠶᠢᠭᠡᠮ ᠲᠣᠭᠤᠷᠢᠭ ᠨᠢ ᠬᠡᠷᠡᠭ ᠵᠥᠪᠯᠡᠬᠦ ᠬᠤᠷᠠᠯ ᠤᠨ ᠬᠡᠯᠪᠡᠷᠢ ᠪᠠᠷ | ᠳᠠᠮᠵᠢᠭᠤᠯᠤᠨ᠂ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ᠂ ᠮᠡᠳᠡᠯᠭᠡ ᠪᠣᠯᠤᠨ ᠵᠢᠱᠢᠶᠡᠴᠢ ᠦᠯᠢᠭᠡᠷ ᠢ ᠶᠠᠷᠢᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠵᠣᠯ ᠵᠢᠷᠭᠠᠯᠲᠤ ᠭᠡᠷ ᠣᠷᠣᠨ ᠢ ᠬᠠᠮᠲᠤᠪᠠᠷ ᠴᠤᠭᠴᠠᠯᠠᠵᠤ ᠪᠠᠶᠢᠨ᠎ᠠ᠃ | ᠰᠤᠷᠪᠤᠯᠵᠢᠯᠠᠭᠴᠢ ᠮᠢᠩ ᠵᠦ ᠰᠠᠭᠤᠭᠠᠯᠢ ᠲᠣᠭᠤᠷᠢᠭ ᠲᠤ ᠭᠦᠷᠭᠦ ᠳᠤ᠂ ᠨᠡᠶᠢᠭᠡᠮ ᠲᠤᠭᠤᠷᠢᠭ ᠠᠴᠠ ᠵᠤᠭᠢᠶᠠᠨ ᠪᠠᠶᠢᠭᠤᠯᠤᠭᠰᠠᠨ ᠠᠰᠠᠭᠤᠯᠲᠠ | ᠬᠠᠷᠢᠭᠤᠯᠲᠠ ᠶᠢᠨ ᠤᠷᠤᠯᠳᠤᠭᠠᠨ ᠭᠦᠷ ᠨᠡᠷᠭᠢᠶᠡᠠᠳᠡᠢ ᠶᠠᠪᠤᠭᠳᠠᠬᠤ ᠶᠢᠨ ᠵᠡᠷᠭᠡᠪᠡᠷ ᠮᠢᠩ ᠵᠦ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠴᠢᠦᠶ ᠷᠦᠩ | ᠠᠴᠠ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠵᠢᠱᠢᠶᠡᠴᠢ ᠶᠢᠨ ᠦᠯᠢᠭᠡᠷ ᠢ ᠶᠠᠷᠢᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠰᠤᠷᠳᠠᠯᠴᠢᠯᠠᠨ ᠤᠬᠠᠭᠤᠯᠵᠤ ᠪᠠᠶᠢᠯ᠎ᠠ᠃ ᠬᠤᠳᠠ ᠶᠢᠨ ᠨᠠᠮ ᠤᠨ ᠬᠤᠷᠢᠶᠠᠨ ᠤ ᠠᠵᠢᠯᠳᠠᠨ ᠤ ᠣᠷᠣᠨ ᠲᠤᠭ᠎ᠠ ᠶᠢᠨ ᠠᠯᠪᠠᠨ ᠭᠡᠷ ᠠᠴᠠ | ᠢᠷᠡᠭᠰᠡᠨ ᠤᠬᠠᠭᠤᠯᠤᠨ ᠲᠠᠶᠢᠯᠪᠤᠷᠢᠯᠠᠭᠴᠢ ᠠᠴᠠ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠶᠢᠨ ᠴᠢᠬᠤᠯᠠ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠨ ᠦᠭᠴᠦ᠂ ᠦᠨᠳᠦᠰᠦᠳᠡᠨ ᠤ ᠪᠦᠯᠭᠦᠯᠳᠡᠯ | ᠤᠨ ᠴᠡᠴᠡᠭᠡᠰ ᠢ ᠭᠦᠮᠦᠰ ᠤᠨ ᠰᠡᠳᠭᠢᠯ ᠳᠤ ᠭᠦᠨ ᠬᠠᠳᠠᠩᠰᠢᠭᠤᠯᠤᠨ᠂ ᠡᠶ᠎ᠡ ᠨᠠᠶᠢᠷᠳᠡᠢ ᠵᠤᠯ ᠵᠢᠷᠭᠠᠯᠳᠤ ᠨᠡᠶᠢᠭᠡᠮ ᠲᠤᠭᠤᠷᠢᠭ ᠢ ᠬᠠᠮᠳᠤᠪᠡᠷ ᠪᠦᠳᠦᠭᠡᠨ | ᠪᠠᠶᠢᠭᠤᠯᠤᠨ᠎ᠠ᠃ | |