ᠪᠦᠭᠦ ᠤᠯᠤᠰ ᠤᠨ ᠥᠷᠭᠡᠨ ᠤᠯᠠᠨ ᠪᠠᠭᠰᠢ ᠨᠠᠷ ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠢᠭᠡᠳ ᠴᠢᠩ | ᠰᠡᠳᠬᠢᠯ ᠤᠨ ᠵᠥᠩᠨᠡᠯ ᠳᠡᠪᠰᠢᠭᠦᠯᠪᠡ ᠯᠢ ᠴᠢᠶᠠᠩ ᠴᠣᠬᠤᠯᠠᠪᠤᠷᠢ ᠥᠭᠴᠦ ᠳ᠋ᠢᠩ ᠰᠢᠤᠸᠠᠢ ᠰᠢᠶᠠᠩ ᠪᠦᠭᠦ ᠤᠯᠤᠰ ᠤᠨ ᠰᠢᠯᠢᠳᠡᠭ ᠪᠠᠭᠰᠢ ᠨᠠᠷ ᠤᠨ | ᠲᠥᠯᠥᠭᠡᠯᠡᠭᠴᠢᠳ ᠤᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ ᠪᠦᠭᠦ ᠤᠯᠤᠰ ᠤᠨ ᠰᠢᠯᠢᠳᠡᠭ ᠪᠠᠭᠰᠢ ᠨᠠᠷ ᠤᠨ ᠲᠥᠯᠥᠭᠡᠯᠡᠭᠴᠢᠳ ᠤᠨ | ᠶᠠᠷᠢᠯᠴᠠᠬᠤ ᠬᠤᠷᠠᠯ 9 ᠰᠠᠷ᠎ᠠ ᠶᠢᠨ 9 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠠᠭᠰᠢ ᠨᠠᠷ ᠤᠨ ᠲᠥᠯᠥᠭᠡᠯᠡᠭᠴᠢᠳ ᠲᠤ ᠵᠠᠬᠢᠳᠠᠯ | ᠢᠯᠡᠭᠡᠵᠦ᠂ ᠭᠤᠴᠢ ᠶᠢᠰᠦᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠲᠡᠳᠡ ᠨᠠᠷ ᠵᠢᠴᠢ ᠪᠦᠭᠦ | ᠤᠯᠤᠰ ᠤᠨ ᠥᠷᠭᠡᠨ ᠣᠯᠠᠨ ᠪᠠᠭᠰᠢ ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ | ᠳᠡᠪᠰᠢᠭᠦᠯᠪᠡ᠃ ᠰᠢ ᠶᠢᠨ ᠫᠢᠩ ᠵᠠᠬᠢᠳᠠᠯ ᠳᠠᠭᠠᠨ᠂ ᠤᠷᠳᠤ ᠬᠤᠭᠤᠴᠠᠭᠠᠨ ᠤ ᠲᠤᠷᠰᠢ᠂ ᠲᠠ ᠨᠠᠷ ᠢᠶᠠᠷ ᠲᠥᠯᠥᠭᠡᠯᠡᠭᠦᠯᠦᠭᠰᠡᠨ ᠪᠦᠭᠦ ᠤᠯᠤᠰ ᠤᠨ ᠥᠷᠭᠡᠨ ᠤᠯᠠᠨ | ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠵᠦ᠂ ᠦᠨᠳᠦᠰᠦ | ᠰᠠᠭᠤᠷᠢ ᠶᠢ ᠪᠤᠶᠢᠵᠢᠭᠤᠯᠤᠨ ᠰᠦᠭ ᠰᠦᠨᠡᠰᠦ ᠶᠢ ᠱᠤᠭᠤᠵᠤ᠂ ᠦᠶ᠎ᠡ ᠦᠶ᠎ᠡ ᠶᠢᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ | ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠶᠡᠭᠡ ᠬᠡᠷᠡᠭᠴᠡᠭᠡ ᠲᠠᠢ | ᠪᠥᠭᠡᠳ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠴᠢᠳᠠᠪᠤᠷᠢᠲᠠᠨ ᠢ ᠦᠯᠡᠮᠵᠢ ᠤᠯᠠᠨ ᠬᠥᠮᠥᠵᠢᠭᠦᠯᠵᠦ᠂ ᠤᠯᠤᠰ ᠣᠷᠣᠨ ᠤ ᠬᠥᠭᠵᠢᠯᠲᠡ᠂ | ᠦᠨᠳᠦᠰᠦᠲᠡᠨ ᠤ ᠬᠥᠭᠵᠢᠯ ᠮᠠᠨᠳᠤᠯ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠪᠠᠭᠰᠢ ᠨᠠᠷ ᠤᠨ ᠳᠣᠲᠣᠷ᠎ᠠ ᠠᠴᠠ ᠨᠢᠭᠡ ᠪᠦᠯᠦᠭ ᠰᠤᠷᠭᠠᠨ | ᠬᠥᠮᠥᠵᠢᠯᠲᠡᠨ ᠪᠠ ᠰᠢᠯᠢᠳᠡᠭ ᠪᠠᠭᠰᠢ ᠨᠠᠷ ᠴᠣᠯᠭᠤᠷᠠᠨ ᠭᠠᠷᠴᠤ᠂ ᠲᠡᠳᠡ ᠰᠡᠳᠬᠢᠯ ᠳᠡᠭᠡᠨ ᠶᠡᠭᠡ ᠲᠠᠯ᠎ᠠ ᠶᠢ ᠪᠤᠳᠤᠵᠤ᠂ ᠴᠢᠩ ᠦᠨᠡᠨᠴᠢ ᠪᠠᠷ ᠤᠯᠤᠰ ᠲᠠᠭᠠᠨ | ᠵᠢᠳᠬᠦᠬᠦ ᠬᠦᠰᠡᠯᠡᠩ ᠢᠲᠡᠭᠡᠯ ᠪᠢᠰᠢᠷᠡᠯ ᠲᠠᠢ ᠪᠠᠶᠢᠵᠤ᠂ ᠦᠭᠡ ᠶᠠᠷᠢᠶ᠎ᠠ ᠨᠢ ᠡᠷᠳᠡᠮᠲᠡᠨ ᠤ ᠪᠠᠷᠢᠮᠵᠢᠶ᠎ᠠ᠂ ᠦᠢᠯᠡ ᠠᠵᠢᠯᠯᠠᠭ᠎ᠠ ᠨᠢ ᠶᠢᠷᠲᠢᠨᠴᠦ ᠶᠢᠨ ᠬᠡᠪ ᠨᠠᠮᠪᠠ ᠲᠠᠢ | ᠪᠠᠶᠢᠬᠤ ᠶᠣᠰᠣ ᠰᠤᠷᠲᠠᠬᠤᠨ ᠤ ᠦᠵᠡᠯ ᠰᠡᠳᠬᠢᠯᠭᠡ᠂ ᠤᠶᠤᠨ ᠤᠬᠠᠭᠠᠨ ᠢ ᠰᠡᠬᠡᠭᠡᠷᠡᠭᠦᠯᠦᠨ ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ ᠵᠢᠭᠠᠬᠤ | ᠬᠥᠮᠥᠨ ᠢ ᠬᠥᠮᠥᠵᠢᠭᠦᠯᠬᠦ ᠤᠶᠤᠨ ᠤᠬᠠᠭᠠᠨ ᠲᠠᠢ᠂ ᠰᠢᠷᠭᠠᠭᠤ ᠰᠤᠷᠤᠯᠴᠠᠨ ᠦᠨᠡᠨᠴᠢ ᠰᠢᠳᠤᠷᠭᠤ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ | ᠥᠪᠡᠷ ᠤᠨ ᠪᠡᠶ᠎ᠡ ᠪᠠᠷ ᠢᠶᠠᠨ ᠬᠢᠬᠦ ᠣᠪᠣᠷ ᠲᠠᠢ᠂ ᠵᠢᠭᠠᠨ ᠰᠤᠷᠭᠠᠬᠤ ᠳᠤᠷᠠᠲᠠᠢ ᠰᠤᠷᠤᠬᠴᠢ ᠪᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ ᠡᠨᠡᠷᠢᠩᠭᠦᠢ | ᠰᠡᠳᠬᠢᠯ ᠲᠠᠢ᠂ ᠥᠷᠥᠴᠡ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠰᠣᠶᠣᠯ ᠢᠶᠠᠷ ᠬᠥᠮᠥᠨ ᠢ ᠰᠤᠷᠭᠠᠬᠤ ᠠᠭᠤᠤ ᠶᠡᠭᠡ ᠬᠥᠭᠡᠭᠡᠴᠡᠯᠳᠦᠯ ᠢᠶᠠᠷ ᠢᠶᠠᠨ | ᠳᠤᠮᠳᠠᠳᠤ ᠤᠯᠤᠰ ᠲᠤ ᠣᠨᠴᠠ ᠪᠠᠶᠢᠳᠠᠭ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠢᠯᠡᠷᠡᠭᠦᠯᠵᠡᠢ ᠭᠡᠵᠦ ᠬᠡᠯᠡᠪᠡ᠃ ᠰᠢ ᠶᠢᠨ ᠫᠢᠩ᠂ ᠰᠢᠨ᠎ᠡ ᠠᠶᠠᠨ ᠳᠤ᠂ | ᠲᠠ ᠨᠠᠷ ᠬᠢᠭᠡᠳ ᠪᠦᠭᠦ ᠤᠯᠤᠰ ᠤᠨ ᠥᠷᠭᠡᠨ ᠤᠯᠠᠨ ᠪᠠᠭᠰᠢ ᠨᠠᠷ ᠰᠤᠷᠭᠠᠨ ᠬᠥᠮᠥᠵᠢᠯᠲᠡᠨ ᠢᠶᠠᠷ ᠳᠠᠭᠤᠷᠢᠶᠠᠯ ᠪᠤᠯᠭᠠᠵᠤ᠂ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠰᠤᠷᠭᠠᠨ ᠬᠥᠮᠦᠵᠢᠯ ᠤᠨ ᠦᠢᠯᠡᠰ ᠲᠤ ᠵᠢᠳᠬᠦᠵᠦ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ | ᠭᠡᠬᠦ ᠬᠦᠰᠡᠯ ᠵᠣᠷᠢᠯᠲᠠ ᠶᠢ ᠪᠤᠢ ᠪᠤᠯᠭᠠᠵᠤ᠂ ᠢᠲᠡᠭᠡᠯ ᠲᠠᠢ ᠪᠠᠷ ᠥᠪᠡᠷ ᠢ ᠪᠠᠨ ᠬᠦᠴᠦᠷᠬᠡᠭᠵᠢᠭᠦᠯᠵᠦ᠂ ᠡᠷᠡᠯᠬᠡᠭᠯᠡᠨ ᠲᠡᠮᠡᠴᠡᠵᠦ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | | | | | | ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ ᠴᠣᠬᠤᠯᠠᠪᠤᠷᠢ ᠥᠭᠴᠦ᠂ ᠪᠠᠭᠰᠢ ᠪᠣᠯ ᠰᠤᠷᠭᠠᠨ ᠬᠥᠮᠦᠵᠢᠯ ᠤᠨ ᠦᠨᠳᠦᠰᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ ᠡᠬᠢ ᠰᠤᠷᠪᠤᠯᠵᠢ | ᠮᠥᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠭᠰᠢ ᠶᠢᠨ | ᠡᠩᠨᠡᠭᠡᠨ ᠤ ᠬᠡᠪ ᠴᠢᠨᠠᠷ ᠳᠠᠰᠤᠷᠠᠯᠳᠠ ᠦᠭᠡᠢ ᠳᠡᠭᠡᠭᠰᠢᠯᠡᠵᠦ᠂ ᠪᠦᠲᠦᠴᠡ ᠳᠠᠰᠤᠷᠠᠯᠳᠠ ᠦᠭᠡᠢ ᠰᠢᠯᠢᠳᠡᠭᠵᠢᠵᠦ᠂ ᠬᠠᠷᠠᠭᠠᠯᠵᠠᠯ ᠬᠦᠷᠲᠡᠭᠡᠮᠵᠢ ᠶᠢ ᠳᠠᠰᠤᠷᠠᠯᠳᠠ ᠦᠭᠡᠢ | ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠨᠠᠮ ᠪᠣᠯᠣᠨ ᠤᠯᠤᠰ ᠲᠤ ᠦᠯᠡᠮᠵᠢ ᠤᠯᠠᠨ ᠰᠢᠯᠢᠳᠡᠭ | ᠴᠢᠳᠠᠪᠤᠷᠢᠲᠠᠨ ᠢ ᠬᠥᠮᠥᠵᠢᠭᠦᠯᠵᠦ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠪᠡ᠃ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ | ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ ᠬᠦᠷᠲᠡᠭᠡᠮᠵᠢ ᠶᠢ | ᠪᠠᠲᠤᠯᠠᠬᠤ ᠡᠷᠴᠢᠮ ᠢ ᠴᠢᠩᠭᠠᠷᠠᠭᠤᠯᠵᠤ᠂ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠦᠭᠦ ᠨᠡᠶᠢᠭᠡᠮ ᠢᠶᠠᠷ ᠢᠶᠠᠨ ᠪᠠᠭᠰᠢ ᠶᠢ | ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠠᠭᠰᠢ ᠨᠠᠷ ᠢ ᠨᠡᠶᠢᠭᠡᠮ ᠳᠤ ᠬᠠᠮᠤᠭ ᠠᠴᠠ ᠢᠯᠡᠭᠦᠦ | ᠬᠦᠨᠳᠦᠳᠬᠡᠭᠳᠡᠬᠦ ᠪᠠ ᠬᠥᠮᠥᠰ ᠢ ᠪᠢᠰᠢᠷᠡᠭᠦᠯᠦᠮ᠎ᠡ ᠠᠵᠢᠯ ᠮᠡᠷᠭᠡᠵᠢᠯ ᠪᠤᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ | ᠰᠠᠶᠢᠳ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ᠂ ᠰᠢ ᠶᠢᠨ ᠫᠢᠩ ᠤᠨ ᠵᠠᠬᠢᠳᠠᠯ ᠪᠣᠯᠣᠨ ᠯᠢ ᠴᠢᠶᠠᠩ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ | ᠶᠠᠷᠢᠶ᠎ᠠ ᠲᠠᠯᠪᠢᠪᠠ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ ᠶᠡᠷᠦᠩᠬᠡᠢ ᠰᠠᠶᠢᠳ ᠯᠢ ᠴᠢᠶᠠᠩ | ᠴᠣᠬᠤᠯᠠᠪᠤᠷᠢ ᠥᠭᠭᠦᠭᠰᠡᠨ ᠨᠢ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠷᠭᠡᠨ ᠣᠯᠠᠨ ᠪᠠᠭᠰᠢ ᠨᠠᠷ ᠢ ᠬᠠᠯᠠᠮᠵᠢᠯᠠᠨ | ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠷᠭᠡᠨ ᠤᠯᠠᠨ ᠪᠠᠭᠰᠢ ᠨᠠᠷ ᠤᠨ | ᠤᠯᠤᠰ ᠤᠨ ᠬᠥᠭᠵᠢᠯᠲᠡ᠂ ᠦᠨᠳᠦᠰᠦᠲᠡᠨ ᠤ ᠬᠥᠭᠵᠢᠯ ᠮᠠᠨᠳᠤᠯ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠰᠤᠷᠭᠠᠨ | ᠬᠥᠮᠥᠵᠢᠯᠲᠡᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠴᠠᠭ | ᠦᠶ᠎ᠡ ᠶᠢᠨ ᠠᠷᠠᠳ ᠤᠨ ᠪᠠᠭᠰᠢ ᠳᠤ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠣᠯᠭᠤᠪᠠ᠃ ᠥᠷᠭᠡᠨ ᠤᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠢᠭᠡ ᠰᠡᠳᠬᠢᠯ ᠢᠶᠠᠷ ᠪᠢᠴᠢᠭ | ᠵᠢᠭᠠᠵᠤ ᠬᠥᠮᠥᠨ ᠢ ᠬᠥᠮᠥᠵᠢᠭᠦᠯᠵᠦ᠂ ᠤᠭ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠵᠤ᠂ ᠤᠯᠤᠰ ᠲᠤ ᠶᠣᠰᠣ ᠰᠤᠷᠲᠠᠬᠤᠨ ᠤᠶᠤᠨ ᠤᠬᠠᠭᠠᠨ | ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ | ᠦᠷᠭᠦᠯᠵᠢᠯᠡᠨ ᠬᠥᠮᠥᠵᠢᠭᠦᠯᠵᠦ᠂ ᠨᠡᠩ ᠤᠯᠠᠨ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠴᠢᠳᠠᠪᠤᠷᠢᠲᠠᠨ ᠢ | ᠬᠥᠮᠥᠵᠢᠭᠦᠯᠬᠦ ᠶᠢ ᠬᠦᠰᠡᠵᠦ ᠪᠠᠶᠢᠨ᠎ᠠ᠃ ᠰᠡᠳᠬᠢᠯ ᠳᠡᠭᠡᠨ ᠶᠡᠭᠡ ᠲᠠᠯ᠎ᠠ ᠶᠢ ᠪᠤᠳᠤᠵᠤ᠂ ᠴᠢᠩ ᠦᠨᠡᠨᠴᠢ ᠪᠠᠷ ᠤᠯᠤᠰ ᠲᠠᠭᠠᠨ ᠵᠢᠳᠬᠦᠬᠦ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ︔ | ᠦᠭᠡ ᠶᠠᠷᠢᠶ᠎ᠠ ᠨᠢ ᠡᠷᠳᠡᠮᠲᠡᠨ ᠤᠨ ᠪᠠᠷᠢᠮᠵᠢᠶ᠎ᠠ᠂ ᠦᠢᠯᠡ ᠠᠵᠢᠯᠯᠠᠭ᠎ᠠ ᠨᠢ ᠶᠢᠷᠲᠢᠨᠴᠦ ᠶᠢᠨ ᠬᠡᠪ ᠨᠠᠮᠪᠠ ᠲᠠᠢ ᠪᠠᠶᠢᠬᠤ ᠶᠣᠰᠣ ᠰᠤᠷᠲᠠᠬᠤᠨ ᠤ ᠦᠵᠡᠯ ᠰᠡᠳᠬᠢᠯᠭᠡ ᠶᠢ | ᠪᠤᠢ ᠪᠤᠯᠭᠠᠵᠤ᠂ ︽ᠨᠣᠮ ᠤᠨ ᠪᠠᠭᠰᠢ︾ ᠪᠠ ︽ᠬᠥᠮᠥᠨ ᠤ ᠪᠠᠭᠰᠢ︾ ᠶᠢ ᠬᠠᠷᠢᠯᠴᠠᠨ ᠨᠢᠭᠡᠳᠬᠡᠭᠰᠡᠨ ︽ᠶᠡᠭᠡ ᠪᠠᠭᠰᠢᠲᠠᠨ︾ ᠪᠤᠯᠬᠤ ᠪᠠᠷ ᠴᠢᠷᠮᠠᠶᠢᠬᠤ ᠭᠡᠷᠡᠭᠲᠡᠢ︔ | ᠤᠶᠤᠨ ᠤᠬᠠᠭᠠᠨ ᠢ ᠰᠡᠬᠡᠭᠡᠷᠡᠭᠦᠯᠦᠨ ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ ᠵᠢᠭᠠᠬᠤ ᠬᠥᠮᠥᠨ ᠢ ᠬᠥᠮᠥᠵᠢᠭᠦᠯᠬᠦ ᠤᠶᠤᠨ ᠤᠬᠠᠭᠠᠨ ᠲᠠᠢ ᠪᠠᠶᠢᠵᠤ | ᠂ ᠰᠤᠷᠤᠬᠴᠢ ᠨᠢᠭᠡ ᠪᠦᠷᠢ ᠳᠤ ᠴᠥᠮ ᠬᠥᠮᠥᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠲᠣᠭᠢᠶᠠᠯ ᠣᠯᠭᠤᠬᠤ ᠭᠡᠷᠡᠭᠲᠡᠢ︔ ᠰᠢᠷᠭᠠᠭᠤ ᠰᠤᠷᠤᠯᠴᠠᠨ | ᠦᠨᠡᠨᠴᠢ ᠰᠢᠳᠤᠷᠭᠤ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ ᠥᠪᠡᠷ ᠤᠨ ᠪᠡᠶ᠎ᠡ ᠪᠠᠷ ᠢᠶᠠᠨ ᠬᠢᠬᠦ ᠣᠪᠣᠷ ᠢ ᠪᠠᠷᠢᠮᠲᠠᠯᠠᠵᠤ᠂ ᠨᠠᠰᠤᠨ ᠲᠤᠷᠰᠢᠲᠠ | ᠰᠤᠷᠤᠯᠴᠠᠬᠤ ᠶᠢᠨ ᠦᠢᠯᠡᠳᠦᠯᠭᠡᠵᠢᠭᠦᠯᠦᠭᠴᠢ ᠪᠤᠯᠬᠤ ᠭᠡᠷᠡᠭᠲᠡᠢ︔ ᠵᠢᠭᠠᠨ ᠰᠤᠷᠭᠠᠬᠤ ᠳᠤᠷᠠᠲᠠᠢ ᠰᠤᠷᠤᠬᠴᠢ ᠪᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ | ᠡᠨᠡᠷᠢᠩᠭᠦᠢ ᠰᠡᠳᠬᠢᠯ ᠲᠠᠢ᠂ ᠶᠡᠭᠡ ᠬᠠᠶᠢᠷ᠎ᠠ ᠪᠠᠷ ᠬᠥᠮᠥᠨ ᠬᠥᠮᠥᠵᠢᠭᠦᠯᠬᠦ ᠠᠮᠢᠳᠤᠷᠠᠯ ᠢ ᠪᠢᠴᠢᠭᠯᠡᠬᠦ ᠭᠡᠷᠡᠭᠲᠡᠢ︔ ᠥᠷᠥᠴᠡ ᠴᠡᠭᠡᠵᠢᠨ ᠳᠡᠭᠡᠨ ᠳᠡᠯᠡᠬᠡᠢ ᠳ᠋ᠠᠬᠢᠨ ᠢ | ᠪᠠᠭᠲᠠᠭᠠᠵᠤ᠂ ᠰᠣᠶᠣᠯ ᠢᠶᠠᠷ ᠬᠥᠮᠥᠨ ᠢ ᠰᠤᠷᠭᠠᠬᠤ ᠠᠭᠤᠤ ᠶᠡᠭᠡ ᠬᠥᠭᠡᠭᠡᠴᠡᠯᠳᠦᠯ ᠢᠶᠠᠷ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠬᠤ | ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠠᠭᠤᠷᠢ ᠠᠵᠢᠯ ᠪᠤᠯᠭᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ᠂ ᠨᠢᠭᠡ ᠪᠦᠯᠦᠭ ᠥᠨᠳᠥᠷ ᠬᠡᠪ ᠴᠢᠨᠠᠷ ᠲᠠᠢ ᠪᠠᠭᠰᠢ ᠶᠢ | ᠬᠥᠮᠥᠵᠢᠭᠦᠯᠦᠨ ᠪᠤᠶᠢᠵᠢᠭᠤᠯᠬᠤ ᠭᠡᠷᠡᠭᠲᠡᠶ︔ ᠪᠠᠭᠰᠢ ᠶᠢᠨ ᠬᠠᠷᠠᠭᠠᠯᠵᠠᠯ ᠬᠦᠷᠲᠡᠭᠡᠮᠵᠢ ᠶᠢ ᠬᠠᠤᠯᠢ ᠶᠣᠰᠣᠭᠠᠷ ᠪᠠᠲᠤᠯᠠᠵᠤ᠂ ᠰᠢᠯᠢᠳᠡᠭ ᠴᠢᠳᠠᠪᠤᠷᠢᠲᠠᠨ ᠢ | ᠪᠠᠭᠰᠢᠯᠠᠭᠤᠯᠬᠤ ᠪᠠᠷ ᠲᠠᠳᠠᠨ ᠠᠪᠴᠢᠷᠠᠬᠤ ᠪᠠ ᠲᠣᠭᠲᠠᠭᠤᠨ ᠪᠠᠶᠢᠯᠭᠠᠬᠤ ᠭᠡᠷᠡᠭᠲᠡᠢ︔ ᠪᠠᠭᠰᠢ ᠶᠢᠨ ᠬᠠᠮᠢᠶᠠᠷᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠬᠡᠦᠬᠡᠳ ᠨᠢᠭᠡ ᠪᠦᠷᠢ ᠳᠤ ᠴᠥᠮ ᠲᠥᠪ ᠭᠤᠤᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠭᠡᠷᠡᠭᠲᠡᠢ︔ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ | ᠪᠠᠷᠢᠮᠵᠢᠶ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ︔ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ | ᠰᠤᠷᠲᠠᠯ ᠢ ᠪᠤᠢ ᠪᠤᠯᠭᠠᠵᠤ᠂ ︽ᠠᠷᠠᠳ ᠤᠨ ᠪᠠᠭᠰᠢ ᠬᠢᠵᠠᠭᠠᠯᠠᠰᠢ ᠦᠭᠡᠢ ᠢᠷᠠᠭᠤ ᠠᠯᠳᠠᠷ ᠲᠠᠢ︾ ᠭᠡᠬᠦ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ | ᠬᠠᠳᠠᠩᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠨᠢᠭᠡᠳᠦᠭᠡᠷ ᠳᠡᠰ ᠤᠨ ᠫᠷᠣᠹᠧᠰᠰᠣᠷ ᠭᠤᠤ ᠮᠢᠩ ᠰᠢᠤᠸᠠᠨ᠂ ᠪᠡᠭᠡᠵᠢᠩ ᠤᠨ | ᠪᠠᠭᠰᠢ ᠶᠢᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠫᠷᠣᠹᠧᠰᠰᠣᠷ ᠭᠦ᠋ ᠮᠢᠩ ᠶᠤᠸᠠᠨ᠂ ᠵᠧᠵᠢᠶᠠᠩ ᠮᠤᠵᠢ ᠶᠢᠨ ᠬᠠᠩᠵᠧᠦ ᠶᠢᠨ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠵᠠᠬᠢᠷᠤᠯ ᠼᠠᠢ ᠰᠢᠶᠣᠣ ᠰᠢᠶᠦ᠋ᠩ᠂ ᠴᠢᠩᠬᠤᠸᠠ ᠶᠡᠭᠡ ᠰᠤᠷᠭᠠᠭᠤᠯᠢ ᠶᠢᠨ ᠫᠷᠣᠹᠧᠰᠰᠣᠷ ᠾᠧ ᠺᠧ ᠪᠢᠨ᠂ ᠱᠧᠨᠵᠧᠨ ᠤ ᠮᠡᠳᠡᠭᠡ ᠵᠠᠩᠭᠢ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠰᠢᠦᠢ ᡁᠢ ᠯᠢᠶᠠᠩ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠺᠠᠱᠭᠠᠷ | ᠣᠷᠣᠨ ᠤ ᠪᠠ ᠴᠦ᠋ ᠰᠢᠶᠠᠨ ᠤ ᠲᠦᠩ ᠮᠧᠩ ᠬᠡᠦᠬᠡᠳ ᠤᠨ ᠴᠡᠴᠡᠷᠯᠢᠭ ᠤᠨ ᠵᠠᠬᠢᠷᠤᠯ ᠠᠮᠢᠯᠠᠭᠦᠯᠢ · ᠠᠪᠦ᠋ᠳᠦ᠋᠂ ᠵᠢᠶᠠᠩᠰᠢ ᠮᠤᠵᠢ ᠶᠢᠨ ᠨᠠᠨᠴᠠᠩ ᠬᠤᠳᠠ ᠶᠢᠨ ᠴᠢ | ᠶᠢᠨ ᠰᠤᠷᠭᠠᠭᠤᠯᠢ ᠶᠢᠨ ᠵᠠᠬᠢᠷᠤᠯ ᠵᠠᠩ ᠯᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ | ᠵᠠᠬᠢᠷᠤᠯ ᠶᠠᠨ ᠯᠢᠶᠠᠨ ᠹᠦ᠋ ᠤᠷᠢᠳ ᠬᠤᠵᠢᠳ ᠦᠭᠡ ᠬᠡᠯᠡᠵᠡᠢ᠃ | ︽ᠠᠷᠠᠳ ᠤᠨ ᠰᠤᠷᠭᠠᠨ ᠬᠥᠮᠥᠵᠢᠯᠲᠡᠨ︾ ᠤ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ᠂ ︽ᠴᠠᠭ ᠦᠶ᠎ᠡ ᠶᠢᠨ ᠵᠢᠱᠢᠶᠡᠴᠢ︾ ᠶᠢᠨ | ᠳᠣᠲᠣᠷᠠᠬᠢ ᠪᠠᠭᠰᠢ ᠶᠢᠨ ᠲᠥᠯᠥᠭᠡᠯᠡᠭᠴᠢ᠂ ᠪᠦᠭᠦ ᠤᠯᠤᠰ ᠤᠨ ᠪᠢᠴᠢᠭ ᠵᠢᠭᠠᠵᠤ ᠬᠥᠮᠥᠨ ᠬᠥᠮᠥᠵᠢᠭᠦᠯᠦᠭᠰᠡᠨ ᠵᠢᠱᠢᠶᠡᠴᠢ᠂ ᠪᠦᠭᠦ ᠤᠯᠤᠰ ᠤᠨ ᠬᠠᠮᠤᠭ ᠤᠨ ᠭᠤᠶᠤ | ᠪᠠᠭᠰᠢ ᠵᠡᠷᠭᠡ ᠪᠦᠭᠦ ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 9 ᠤ ᠴᠠᠭᠢᠯᠭᠠᠨ ᠮᠡᠳᠡᠭᠡ︶ |