ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 9 ᠰᠠᠷ᠎ᠠ ᠶᠢᠨ 11 ᠤ ᠡᠳᠦᠷ ᠺᠦᠨᠵᠢᠷᠡᠪ ᠪᠣᠭᠤᠮᠲᠠ ᠶᠢᠨ ᠪᠦᠭᠦ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ᠂ ᠪᠣᠭᠤᠮᠲᠠ ᠶᠢᠨ ᠰᠢᠰᠲ᠋ᠧᠮ ᠤᠨ | ᠺᠠᠳ᠋ᠷ ᠠᠵᠢᠯᠲᠠᠨ ᠠᠵᠢᠯᠴᠢᠨ ᠤ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠬᠠᠬᠢᠷ ᠬᠦᠢᠲᠡᠨ ᠠᠭᠤᠷ ᠠᠮᠢᠰᠬᠤᠯ ᠪᠠ ᠬᠦᠴᠢᠯᠲᠥ᠋ᠷᠥᠭᠴᠢ ᠳᠤᠲᠠᠭᠳᠠᠬᠤ ᠵᠡᠷᠭᠡ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠴᠠᠰᠤᠲᠤ ᠣᠷᠣᠨ ᠳᠠᠬᠢ ᠤᠯᠤᠰ ᠤᠨ ᠡᠭᠦᠳᠡ ᠶᠢᠨ ᠡᠮᠦᠨ᠎ᠡ ᠹᠷᠣᠨᠲ ᠲᠤ ᠦᠨᠳᠦᠰᠦᠯᠡᠵᠦ᠂ ᠡᠭᠦᠷᠭᠡ ᠲᠤᠰᠢᠶᠠᠯ ᠳᠠᠭᠠᠨ ᠦᠨᠡᠨᠴᠢ | ᠰᠢᠳᠤᠷᠭᠤ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠴᠠᠭ ᠦᠶ᠎ᠡ ᠶᠢᠨ | ᠪᠣᠭᠤᠮᠲᠠ ᠶᠢᠨ ᠬᠥᠮᠥᠰ ᠤᠨ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠡᠨᠡ ᠵᠢᠯ ᠪᠣᠯ | ᠪᠣᠭᠤᠮᠲᠠ ᠶᠢᠨ ᠪᠤᠭᠤᠮᠲᠠᠴᠢᠨ ᠤ ᠴᠣᠯᠠ ᠶᠢᠨ ᠳᠦᠷᠢᠮ ᠢ ᠬᠡᠷᠡᠭᠵᠢᠭᠦᠯᠦᠭᠰᠡᠨ 20 ᠵᠢᠯ ᠤᠨ ᠤᠢ ᠪᠣᠯᠣᠨ᠎ᠠ᠂ ᠡᠨᠡ ᠬᠦ ᠲᠠᠰᠢᠷᠠᠮ ᠢᠶᠠᠷ ᠪᠣᠭᠤᠮᠲᠠ ᠶᠢᠨ | ᠰᠢᠰᠲ᠋ᠧᠮ ᠤᠨ ᠪᠦᠭᠦ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠭᠡᠵᠦ ᠬᠡᠯᠡᠪᠡ᠃ | ᠰᠢ ᠶᠢᠨ ᠫᠢᠩ᠂ ᠪᠣᠭᠤᠮᠲᠠ ᠨᠢ ᠤᠯᠤᠰ ᠤᠨ ᠡᠭᠦᠳᠡ ᠪᠠᠨ ᠰᠠᠬᠢᠬᠤ᠂ ᠬᠥᠭᠵᠢᠯᠲᠡ ᠶᠢ ᠠᠬᠢᠭᠤᠯᠬᠤ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ | ᠪᠣᠭᠤᠮᠲᠠ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠨᠥᠬᠦᠳ ᠨᠠᠷ ᠤᠨ ᠬᠡᠬᠦᠳᠡᠭ ᠴᠡᠭᠡᠵᠢᠨ ᠳᠡᠭᠡᠨ ︽ᠤᠯᠤᠰ ᠤᠨ | ᠶᠡᠭᠡ ᠶᠠᠪᠤᠳᠠᠯ︾ ᠢ ᠪᠠᠭᠲᠠᠭᠠᠵᠤ᠂ ᠪᠣᠭᠤᠮᠲᠠ ᠶᠢᠨ ᠡᠩᠨᠡᠭᠡ ᠶᠢᠨ ᠰᠢᠯᠢᠳᠡᠭ ᠰᠤᠷᠲᠠᠯ ᠢ ᠪᠠᠳᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠣᠯᠣᠨ | ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠤᠯᠤᠰ ᠤᠨ ᠡᠭᠦᠳᠡ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠴᠢᠨᠠᠷ ᠰᠠᠶᠢᠲᠠᠢ | ᠬᠥᠭᠵᠢᠯᠲᠡ᠂ ᠥᠨᠳᠥᠷ ᠲᠦᠪᠰᠢᠨ ᠲᠠᠢ ᠪᠠᠷ ᠨᠡᠭᠡᠭᠡᠯᠲᠡ ᠶᠢ ᠠᠬᠢᠭᠤᠯᠵᠤ᠂ ᠨᠠᠮ ᠳᠠᠭᠠᠨ ᠨᠠᠶᠢᠳᠠᠪᠤᠷᠢᠲᠠᠢ ᠲᠠᠢ ᠤᠯᠠᠨ ᠲᠦᠮᠡᠨ ᠳᠡᠭᠡᠨ ᠬᠦᠷᠢᠶᠡᠯᠡᠯ ᠲᠠᠢ ᠤᠯᠤᠰ ᠤᠨ | ᠡᠭᠦᠳᠡ ᠶᠢᠨ ᠬᠠᠮᠠᠭᠠᠯᠠᠭᠴᠢ ᠪᠣᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠢᠳᠡᠪᠬᠢᠲᠡᠢ ᠪᠠᠷ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠺᠦᠨᠵᠢᠷᠠᠪ ᠪᠣᠭᠤᠮᠲᠠ ᠨᠢ ︽ᠠᠮᠢ ᠨᠠᠰᠤᠨ ᠤ ᠬᠤᠷᠢᠭ᠎ᠠ ᠣᠷᠣᠨ︾ ᠬᠡᠮᠡᠭᠳᠡᠭᠰᠡᠨ ᠫᠠᠮᠢᠷ ᠤᠨ ᠥᠨᠳᠦᠷᠯᠢᠭ ᠲᠤ ᠪᠠᠶᠢᠷᠢᠯᠠᠵᠤ᠂ ᠲᠡᠨᠳᠡ ᠪᠠᠶᠢᠭ᠎ᠠ | ᠪᠣᠭᠤᠮᠲᠠ ᠨᠢ ᠮᠠᠨ ᠤ ᠤᠯᠤᠰ ᠪᠣᠯᠣᠨ ᠫᠠᠺᠢᠰᠲ᠋ᠠᠨ ᠤ ᠴᠣᠷ ᠤᠨ ᠭᠠᠭᠴᠠ ᠬᠠᠭᠤᠷᠠᠢ ᠵᠠᠮ ᠤᠨ ᠬᠢᠯᠢ ᠪᠠᠷ ᠣᠷᠣᠵᠤ ᠭᠠᠷᠬᠤ ᠪᠣᠭᠤᠮᠲᠠ ᠪᠣᠯᠣᠨ᠎ᠠ᠃ 2005 | ᠣᠨ ᠳᠤ᠂ ᠺᠦᠨᠵᠢᠷᠡᠪ ᠪᠣᠭᠤᠮᠲᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠲᠡᠰᠪᠦᠷᠢ ᠬᠠᠲᠠᠭᠤᠵᠢᠯᠲᠠᠢ ᠲᠡᠮᠡᠴᠡᠭᠰᠡᠨ ᠵᠢᠱᠢᠶᠡᠴᠢ ᠪᠣᠭᠤᠮᠲᠠ︾ ᠬᠡᠮᠡᠬᠦ | ᠢᠷᠠᠭᠤ ᠠᠯᠳᠠᠷ ᠤᠨ ᠴᠣᠯᠠ ᠣᠯᠭᠤᠵᠤ᠂ ᠡᠨᠡ ᠵᠢᠯ ᠪᠦᠭᠦ ᠤᠯᠤᠰ ᠤᠨ ᠪᠣᠭᠤᠮᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠢ ᠪᠠᠷ ᠦᠨᠡᠯᠡᠭᠳᠡᠪᠡ᠃ | ᠪᠣᠭᠤᠮᠲᠠ ᠶᠢᠨ ᠪᠤᠭᠤᠮᠲᠠᠴᠢᠨ ᠤ ᠴᠣᠯᠠ ᠶᠢᠨ ᠳᠦᠷᠢᠮ ᠢ ᠬᠡᠷᠡᠭᠵᠢᠭᠦᠯᠦᠭᠰᠡᠨ 20 ᠵᠢᠯ ᠤᠨ ᠤᠢ ᠶᠢᠨ ᠲᠠᠰᠢᠷᠠᠮ ᠢᠶᠠᠷ᠂ ᠺᠦᠨᠵᠢᠷᠠᠪ ᠪᠣᠭᠤᠮᠲᠠ ᠶᠢᠨ ᠪᠦᠭᠦ | ᠠᠵᠢᠯᠲᠠᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠤᠯᠤᠰ ᠤᠨ ᠡᠭᠦᠳᠡ ᠪᠠᠨ ᠦᠷᠭᠦᠯᠵᠢᠯᠡᠨ ᠰᠠᠬᠢᠵᠤ᠂ ᠬᠥᠭᠵᠢᠯᠲᠡ ᠳᠤ ᠦᠢᠯᠡᠴᠢᠯᠡᠵᠦ | ᠪᠠᠶᠢᠭ᠎ᠠ ᠪᠠᠶᠢᠳᠠᠯ ᠢᠶᠠᠨ ᠬᠠᠷᠢᠭᠤ ᠮᠡᠳᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ | ᠵᠣᠷᠢᠭ ᠢᠶᠠᠨ ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 12 ᠤᠨ ᠴᠠᠭᠢᠯᠭᠠᠨ ᠮᠡᠳᠡᠭᠡ︶ |