ᠳᠤᠮᠳᠠᠳᠤ ᠮᠣᠩᠭᠤᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠶᠠᠪᠤᠭᠳᠠᠵᠠᠢ ᠶᠣᠣ ᠶᠦᠩ ᠪᠦᠸᠧ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2023/9/14
      9 ᠰᠠᠷ᠎ᠠ ᠶᠢᠨ 7 ᠤ ᠡᠳᠦᠷ᠂ ᠳᠤᠮᠳᠠᠳᠤ ᠮᠣᠩᠭᠤᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ ᠬᠥᠬᠡᠬᠤᠲᠠ ᠳᠤ ᠶᠠᠪᠤᠭᠳᠠᠪᠠ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠮᠣᠩᠭᠤᠯ ᠤᠯᠤᠰ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠡᠷᠢᠭᠦᠯᠡᠭᠴᠢ ᠴᠡᠩᠭᠡᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠯᠢ ᠪᠢᠩ ᠪᠠᠶᠠᠷ ᠤᠨ ᠦᠭᠡ ᠬᠡᠯᠡᠭᠰᠡᠨ ᠪᠥᠭᠡᠳ ︽ᠳᠤᠮᠳᠠᠳᠤ ᠮᠣᠩᠭᠤᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠰᠠᠭᠤᠷᠢᠨ︾ ᠫᠠᠶᠢᠰᠠ ᠶᠢ ᠰᠡᠬᠦᠪᠡ᠃       ᠰᠤᠳᠤᠯᠤᠨ ᠶᠠᠷᠢᠯᠴᠠᠬᠤ ᠬᠤᠷᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠣᠨ ᠮᠣᠩᠭᠤᠯ ᠤᠯᠤᠰ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠠᠮᠲᠤᠷᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠠᠭᠠᠭᠠᠴᠢᠯᠠᠨ ᠡᠷᠬᠢᠯᠡᠵᠦ᠂ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ︾ ᠶᠢᠨ ᠭᠤᠣᠯ ᠰᠡᠳᠦᠪ ᠤᠨ ᠲᠣᠭᠤᠷᠢᠨ ᠳᠤ᠂ ᠳᠤᠮᠳᠠᠳᠤ ᠮᠣᠩᠭᠤᠯ ᠬᠤᠶᠠᠷ ᠤᠯᠤᠰ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠷᠢᠶᠡᠨ ᠳᠠᠬᠢ 200 ᠭᠠᠷᠤᠢ ᠵᠣᠴᠢᠨ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ