ᠨᠡᠭᠡᠭᠡᠯᠲᠡ ᠬᠢᠵᠦ ᠬᠠᠮᠲᠤᠷᠠᠨ ᠠᠵᠢᠯᠯᠠᠵᠤ ᠢᠷᠡᠭᠡᠳᠦᠢ ᠪᠠᠨ ᠬᠠᠮᠲᠤ ᠪᠠᠷ ᠡᠳ᠋ᠯᠡᠶ᠎ᠡ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠡᠬᠢᠯᠡᠪᠡ ᠠᠮᠤᠷᠰᠠᠶᠢᠬᠠᠨ ᠪᠠᠶᠠᠷ ᠤᠨ ᠦᠭᠡ ᠬᠡᠯᠡᠵᠦ ᠣᠳᠣᠨᠲᠤᠶᠠᠭ᠎ᠠ ᠣᠷᠣᠯᠴᠠᠵᠠᠢ
ᠨᠡᠶᠢᠲᠡᠯᠡᠭᠰᠡᠨ ᠴᠠᠭ᠄
2023/9/14
      9 ᠰᠠᠷ᠎ᠠ ᠶᠢᠨ 6 ᠤ ᠡᠳᠦᠷ᠂ ︽ᠨᠡᠭᠡᠭᠡᠯᠲᠡ ᠬᠢᠵᠦ ᠬᠠᠮᠲᠤᠷᠠᠨ ᠠᠵᠢᠯᠯᠠᠵᠤ ᠢᠷᠡᠭᠡᠳᠦᠢ ᠪᠠᠨ ᠬᠠᠮᠲᠤ ᠪᠠᠷ ᠡᠳ᠋ᠯᠡᠬᠦ︾ ᠪᠠᠷ ᠭᠤᠣᠯ ᠰᠡᠳᠦᠪ ᠪᠤᠯᠭᠠᠬᠰᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠭᠦᠭᠡᠬᠤᠲᠠ ᠳᠤ ᠡᠬᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠡᠲᠡᠭᠡᠳ ᠤᠨ 700 ᠭᠠᠷᠤᠢ ᠬᠥᠮᠥᠨ ᠬᠠᠮᠲᠤᠷᠠᠨ ᠠᠵᠢᠯᠯᠠᠬᠤ ᠶᠢ ᠬᠠᠮᠲᠤ ᠪᠠᠷ ᠰᠦᠪᠡᠭᠴᠢᠯᠡᠵᠦ᠂ ᠬᠥᠭᠵᠢᠯᠲᠡ ᠶᠢᠨ ᠲᠤᠬᠠᠢ ᠬᠠᠮᠲᠤ ᠪᠠᠷ ᠵᠥᠪᠳᠡᠯᠴᠡᠪᠡ᠃       ᠮᠣᠩᠭᠤᠯ ᠤᠯᠤᠰ ᠤᠨ ᠳᠡᠳ᠋ ᠶᠡᠷᠦᠩᠬᠡᠢ ᠰᠠᠶᠢᠳ ᠠᠮᠤᠷᠰᠠᠶᠢᠬᠠᠨ ᠪᠠᠶᠠᠷ ᠤᠨ ᠦᠭᠡ ᠬᠡᠯᠡᠵᠦ᠂ ᠮᠣᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠳᠡᠳ᠋ ᠳᠠᠷᠤᠭ᠎ᠠ ᠣᠳᠣᠨᠲᠤᠶᠠᠭ᠎ᠠ ᠣᠷᠣᠯᠴᠠᠵᠤ᠂ ᠲᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠯᠢ ᠹᠧᠢ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠡᠳ᠋ ᠳᠠᠷᠤᠭ᠎ᠠ ᠴᠧᠨ ᠵᠢᠶᠠᠨ ᠠᠨ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ ᠶᠠᠩ ᠶᠢᠦ ᠰᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ ᠲᠣᠰ ᠲᠣᠰ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠪᠡ᠃       ᠠᠮᠤᠷᠰᠠᠶᠢᠬᠠᠨ᠂ ᠮᠣᠩᠭᠤᠯ ᠤᠯᠤᠰ ᠪᠣᠯᠣᠨ ᠳᠤᠮᠳᠠᠳᠤ ᠤᠯᠤᠰ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠮᠠᠨ ᠤ ᠬᠤᠶᠠᠷ ᠤᠯᠤᠰ ᠲᠤ ᠴᠢᠬᠤᠯᠠ ᠠᠴᠢ ᠬᠤᠯᠪᠣᠭᠳᠠᠯ ᠲᠠᠢ ᠪᠠᠷ ᠪᠠᠷᠠᠬᠤ ᠦᠭᠡᠢ ᠳᠤᠮᠳᠠ ᠠᠽᠢᠶ᠎ᠠ ᠶᠢᠨ ᠠᠵᠤ ᠠᠬᠤᠢ ᠶᠢᠨ ᠬᠠᠮᠲᠤᠷᠠᠯᠴᠠᠭ᠎ᠠ ᠳᠤ ᠴᠤ ᠴᠢᠬᠤᠯᠠ ᠠᠴᠢ ᠬᠤᠯᠪᠣᠭᠳᠠᠯ ᠲᠠᠢ᠃ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠡᠷᠭᠢᠯᠡᠭᠰᠡᠨ ᠨᠢ ᠬᠢᠯᠢ ᠬᠢᠵᠠᠭᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠷ ᠪᠠᠷᠠᠬᠤ ᠦᠭᠡᠢ ᠪᠠᠰᠠ ᠭᠠᠵᠠᠷ ᠣᠷᠣᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠣᠯᠣᠨ ᠰᠣᠶᠣᠯ ᠤᠨ ᠰᠣᠯᠢᠯᠴᠠᠭ᠎ᠠ ᠶᠢ ᠥᠷᠭᠡᠳᠬᠡᠬᠦ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠬᠤᠶᠢᠰᠢᠳᠠ ᠮᠣᠩᠭᠤᠯ ᠤᠯᠤᠰ ᠤᠨ ᠬᠢᠨ ᠡᠷᠬᠡ ᠲᠡᠭᠰᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠶᠣᠰᠣᠭᠠᠷ᠂ ᠳᠤᠮᠳᠠᠳᠤ ᠤᠯᠤᠰ ᠲᠠᠢ ᠬᠠᠮᠲᠤ ᠪᠠᠷ ᠲᠣᠰ ᠲᠣᠰ ᠤᠨ ᠳᠠᠪᠠᠭᠤᠯᠢᠭ ᠪᠠ ᠳᠠᠯᠳᠠ ᠬᠦᠴᠦᠨ ᠢᠶᠠᠨ ᠰᠠᠶᠢᠲᠤᠷ ᠪᠠᠳᠠᠷᠠᠭᠤᠯᠵᠤ᠂ ᠬᠤᠶᠠᠷ ᠤᠯᠤᠰ ᠤᠨ ᠤᠳᠤᠷᠢᠳᠬᠤ ᠬᠥᠮᠥᠰ ᠤᠨ ᠲᠣᠬᠢᠷᠠᠯᠴᠠᠭᠰᠠᠨ ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠣᠩᠭᠤᠯ ᠤᠯᠤᠰ ᠤᠨ ︽ᠠᠯᠤᠰ ᠤᠨ ᠲᠥᠯᠥᠪ 2050︾ ᠶᠢᠨ ᠣᠷᠳᠣ ᠬᠤᠭᠤᠴᠠᠭᠠᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠵᠢᠴᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠬᠤᠶᠠᠷ ᠤᠯᠤᠰ ᠤᠨ ᠡᠯ᠎ᠡ ᠬᠦᠷᠢᠶᠡᠨ ᠤ ᠬᠥᠭᠵᠢᠯᠲᠡ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠮᠣᠩᠭᠤᠯ ᠤᠯᠤᠰ ᠤᠨ ᠵᠠᠰᠠᠭ ᠤᠨ ᠣᠷᠳᠣᠨ ᠵᠢᠭᠤᠯᠴᠢᠯᠠᠯ ᠤᠨ ᠦᠢᠯᠡᠰ᠂ ᠮᠠᠯ ᠠᠵᠤ ᠠᠬᠤᠢ ᠲᠠᠷᠢᠶᠠᠯᠠᠩ᠂ ᠳᠠᠬᠢᠯᠲᠠ ᠡᠨᠧᠷᠭᠢ ᠵᠡᠷᠭᠡ ᠬᠦᠷᠢᠶᠡᠨ ᠤ ᠬᠥᠭᠵᠢᠯᠲᠡ ᠶᠢ ᠭᠤᠣᠯᠳᠠᠯᠭ᠎ᠠ ᠲᠠᠢ ᠴᠢᠩᠭᠠᠳᠬᠠᠵᠤ᠂ ᠡᠳᠡᠭᠡᠷ ᠬᠦᠷᠢᠶᠡᠨ ᠤ ᠬᠠᠤᠯᠢ ᠴᠠᠭᠠᠵᠠ ᠪᠣᠯᠣᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠂ ᠳᠤᠮᠳᠠᠳᠤ ᠤᠯᠤᠰ ᠤᠨ ᠬᠢᠨ ᠤ ᠬᠦᠷᠦᠯᠴᠡᠨ ᠢᠷᠡᠵᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠪᠡ᠃       ᠯᠢ ᠹᠧᠢ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠦᠨᠳᠦᠰᠦᠨ ᠤᠯᠤᠰ ᠤᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠲᠠᠰᠤᠷᠠᠯᠲᠠ ᠦᠭᠡᠢ ᠰᠢᠨ᠎ᠡ ᠠᠵᠠ ᠲᠣᠭᠢᠶᠠᠯ ᠬᠠᠩᠭᠠᠨ᠎ᠠ ᠭᠡᠵᠦ ᠣᠯᠠᠨ ᠤᠳᠠᠭ᠎ᠠ ᠴᠢᠬᠤᠯᠠᠴᠢᠯᠠᠪᠠ᠃ ᠡᠨᠡ ᠨᠢ ᠪᠢᠳᠡᠨ ᠤ ᠭᠠᠳᠠᠭᠠᠳᠤ ᠨᠡᠭᠡᠭᠡᠯᠲᠡ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠲᠣᠰ ᠪᠡᠶ᠎ᠡ ᠶᠢᠨ ᠨᠡᠭᠡᠭᠡᠯᠲᠡ ᠪᠠᠨ ᠤᠯᠤᠰ ᠤᠨ ᠨᠡᠭᠡᠭᠡᠯᠲᠡ ᠶᠢᠨ ᠶᠡᠷᠦᠩᠬᠡᠢ ᠪᠠᠶᠢᠷᠢᠰᠢᠭᠤᠯᠤᠯᠲᠠ ᠳᠤ ᠠᠭᠤᠰᠬᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠪᠠᠷ ᠬᠥᠳᠡᠯᠭᠡᠭᠦᠷ ᠪᠤᠯᠭᠠᠵᠤ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠶᠡᠷᠦᠩᠬᠡᠢ ᠲᠦᠪᠰᠢᠨ ᠢᠯᠡᠳᠲᠡ ᠳᠡᠭᠡᠭᠰᠢᠯᠡᠪᠡ᠃ ᠬᠤᠳᠠᠯᠳᠤᠭᠠᠨ ᠤ ᠶᠠᠪᠤᠳᠠᠯ ᠤᠨ ᠶᠠᠮᠤᠨ ᠥᠪᠥᠷ ᠮᠣᠩᠭᠤᠯ ᠤᠨ ᠤᠮᠠᠷᠠᠰᠢ ᠨᠡᠭᠡᠭᠡᠯᠲᠡ ᠬᠢᠬᠦ ᠰᠢᠨ᠎ᠡ ᠳᠠᠪᠠᠭᠤᠯᠢᠭ ᠢᠶᠠᠨ ᠠᠭᠤᠳᠠᠯᠬᠤ ᠶᠢ ᠦᠷᠭᠦᠯᠵᠢᠯᠡᠨ ᠳᠡᠮᠵᠢᠨ ᠬᠠᠪᠰᠤᠷᠴᠤ᠂ ᠤᠮᠠᠷᠠᠰᠢ ᠨᠡᠭᠡᠭᠡᠯᠲᠡ ᠬᠢᠬᠦ ᠰᠢᠨ᠎ᠡ ᠬᠦᠢᠰᠦ ᠶᠢ ᠪᠠᠶᠢᠭᠤᠯᠤᠨ᠎ᠠ᠃ ᠥᠪᠥᠷ ᠮᠣᠩᠭᠤᠯ ᠤᠨ ᠮᠣᠩᠭᠤᠯ ᠤᠯᠤᠰ᠂ ᠤᠷᠤᠰ ᠵᠢᠴᠢ ᠳᠤᠮᠳᠠ ᠠᠽᠢᠶ᠎ᠠ ᠵᠡᠷᠭᠡ ᠤᠯᠤᠰ ᠯᠤᠭ᠎ᠠ ᠶᠢᠨ ᠤᠯᠠᠨ ᠲᠠᠯᠠᠲᠤ ᠬᠤᠶᠠᠷ ᠲᠠᠯᠠᠲᠤ ᠠᠵᠤ ᠠᠬᠤᠢ ᠠᠷᠠᠯᠵᠢᠶᠠᠨ ᠤ ᠲᠣᠭᠲᠠᠴᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠳ ᠯᠤᠭ᠎ᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠨᠢᠭᠲᠠᠷᠠᠭᠤᠯᠵᠤ᠂ ᠬᠠᠮᠲᠤᠷᠠᠯᠴᠠᠭᠠᠨ ᠤ ᠥᠷᠭᠡᠴᠡ ᠪᠣᠯᠣᠨ ᠭᠦᠨᠴᠡ ᠶᠢ ᠨᠡᠮᠡᠭᠳᠡᠭᠦᠯᠦᠨ᠎ᠡ ᠭᠡᠵᠦ ᠵᠢᠭᠠᠵᠤ ᠭᠠᠷᠭᠠᠵᠠᠢ᠃       ᠶᠠᠩ ᠸᠧᠢ ᠳ᠋ᠦᠩ ᠪᠠᠶᠠᠷ ᠤᠨ ᠦᠭᠡ ᠳᠡᠭᠡᠨ᠂ ᠣᠳᠣᠬᠠᠨ ᠳᠤ ᠣᠷᠣᠨ ᠳᠠᠶᠠᠭᠠᠷ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠬᠢᠵᠦ᠂ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠭᠦ ᠤᠯᠤᠰ ᠤᠨ ᠳᠤᠮᠳᠠ ᠲᠦᠪᠰᠢᠨ ᠳᠤ ᠤᠷᠤᠭᠤᠯᠬᠤ ᠶᠢ ᠬᠦᠴᠦᠯᠡᠨ ᠠᠬᠢᠭᠤᠯᠵᠤ ᠪᠠᠶᠢᠨ᠎ᠠ᠃ ᠪᠦᠭᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠴᠣᠭᠴᠠᠯᠠᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠥᠪᠥᠷ ᠮᠣᠩᠭᠤᠯ ᠮᠠᠰᠢ ᠤᠯᠠᠨ ᠥᠪᠡᠷᠮᠢᠴᠡ ᠳᠠᠪᠠᠭᠤᠯᠢᠭ ᠲᠠᠢ᠃ ᠥᠪᠥᠷ ᠮᠣᠩᠭᠤᠯ ᠪᠣᠯ ᠡᠬᠢ ᠪᠠᠶᠠᠯᠢᠭ ᠡᠯᠪᠡᠭ ᠳᠡᠯᠪᠡᠭ᠂ ᠣᠨᠴᠠᠯᠢᠭᠲᠤ ᠠᠵᠤ ᠦᠢᠯᠡᠰ ᠤᠨ ᠥᠨᠳᠦᠷᠯᠢᠭ ᠭᠠᠵᠠᠷ᠂ ᠰᠦᠷᠯᠢᠭ ᠰᠠᠶᠢᠬᠠᠨ ᠦᠵᠡᠮᠵᠢᠲᠦ ᠣᠷᠣᠨ᠂ ᠪᠡᠯᠡ ᠣᠷᠣᠭᠤᠯᠵᠤ ᠦᠢᠯᠡᠰ ᠢᠶᠠᠨ ᠮᠠᠨᠳᠤᠭᠤᠯᠬᠤ ᠵᠢᠷᠭᠠᠯ ᠤᠨ ᠣᠷᠣᠨ ᠮᠥᠨ᠂ ᠦᠢᠯᠡᠴᠢᠯᠡᠭᠡ ᠶᠢ ᠬᠤᠣᠰ ᠣᠷᠴᠢᠯ ᠳᠤ ᠠᠭᠤᠰᠤᠯᠴᠠᠭᠤᠯᠬᠤ ᠳᠤ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠲᠠᠢ ᠪᠠᠶᠢᠵᠤ᠂ ᠤᠯᠤᠰ ᠤᠨ ᠤᠯᠠᠨ ᠵᠦᠢᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠡᠳ᠋ᠯᠡᠵᠦ ᠪᠠᠶᠢᠨ᠎ᠠ᠃ ᠨᠠᠶᠢᠵᠠ ᠨᠠᠷ ᠤᠨ ᠪᠢᠳᠠᠨ ᠲᠠᠢ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠮᠣᠷᠢ ᠳᠠᠪᠬᠢᠭᠤᠯᠤᠨ ᠲᠠᠰᠢᠭᠤᠷ ᠡᠷᠭᠢᠭᠦᠯᠵᠦ᠂ ᠬᠠᠮᠲᠤ ᠪᠠᠷ ᠵᠥᠪᠳᠡᠯᠴᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠠᠯᠠᠭᠤᠨ ᠢᠶᠠᠷ ᠬᠦᠰᠡᠵᠦ ᠪᠠᠶᠢᠨ᠎ᠠ ᠭᠡᠵᠦ ᠬᠡᠯᠡᠪᠡ᠃       ᠵᠥᠪᠳᠡᠯᠴᠡᠭᠡᠷ ᠤᠨ ᠬᠤᠷᠠᠯ ᠳᠡᠭᠡᠷ᠎ᠡ᠂ ᠮᠣᠩᠭᠤᠯ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠣᠷᠣᠰ ᠤᠨ ᠺᠷᠠᠰᠨᠤᠶᠠᠷᠰᠺ ᠬᠢᠯᠢ ᠬᠢᠵᠠᠭᠠᠷ ᠣᠷᠣᠨ ᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ᠂ ᠭᠤᠣᠯ ᠵᠣᠴᠢᠨ ᠮᠤᠵᠢ ᠭᠤᠸᠠᠩᠳᠦ᠋ᠩ ᠮᠤᠵᠢ᠂ ᠵᠢᠶᠠᠩᠰᠤ ᠮᠤᠵᠢ᠂ ᠱᠠᠨᠰᠢ ᠮᠤᠵᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠲᠣᠰ ᠲᠣᠰ ᠲᠠᠨᠢᠯᠴᠠᠭᠤᠯᠭ᠎ᠠ ᠬᠢᠪᠡ᠃       ᠲᠣᠰ ᠤᠳᠠᠭᠠᠨ ᠤ ᠵᠥᠪᠳᠡᠯᠴᠡᠭᠡᠷ ᠤᠨ ᠬᠤᠷᠠᠯ ᠳᠤ ᠨᠡᠶᠢᠲᠡ 138 ᠲᠥᠷᠥᠯ ᠵᠦᠢᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠪᠦᠭᠦ ᠵᠣᠭᠤᠰ ᠤᠨ ᠲᠤᠭ᠎ᠠ 3343 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ᠂ ᠲᠣᠨᠣᠭᠯᠠᠯ ᠦᠢᠯᠡᠳᠬᠦ᠂ ᠡᠨᠧᠷᠭᠢ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠵᠡᠷᠭᠡ ᠬᠦᠷᠢᠶᠡᠨ ᠳᠤ ᠬᠤᠯᠪᠣᠭᠳᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ