9 ᠰᠠᠷ᠎ᠠ ᠶᠢᠨ 7 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ | ᠶᠠᠷᠢᠶᠠᠨ ᠤ ᠲᠠᠪᠴᠠᠩ ᠤᠨ ᠨᠢᠭᠡ ᠪᠣᠯᠬᠤ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠣᠯᠠᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠶᠠᠷᠢᠶᠠᠨ ᠤ | ᠲᠠᠪᠴᠠᠩ ᠬᠥᠬᠡᠬᠤᠲᠠ ᠳᠤ ᠶᠠᠪᠤᠭᠳᠠᠪᠠ᠃ | ᠮᠣᠩᠭᠤᠯ ᠤᠯᠤᠰ ᠤᠨ ᠪᠠᠷᠢᠮᠵᠢᠶ᠎ᠠ ᠶᠢᠨ ᠬᠡᠮᠵᠢᠯᠲᠡ ᠶᠢᠨ ᠲᠣᠪᠴᠢᠶ᠎ᠠ ᠶᠢᠨ ᠣᠷᠣᠯᠠᠭᠴᠢ ᠳᠠᠷᠤᠭ᠎ᠠ ᠪᠠ᠊ • ᠤᠤᠭᠠᠨᠪᠠᠶᠠᠷ᠂ ᠤᠯᠤᠰ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ᠂ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠲᠢᠶᠠᠨ ᠱᠢ ᠬᠤᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠦ ᠲᠤᠰ ᠲᠤᠰ ᠪᠠᠶᠠᠷ ᠤᠨ | ᠦᠭᠡ ᠬᠡᠯᠡᠪᠡ᠃ | ᠲᠣᠰ ᠬᠤᠭᠤᠴᠠᠭᠠᠨ ᠤ ᠶᠠᠷᠢᠶᠠᠨ ᠤ ᠲᠠᠪᠴᠠᠩ ᠨᠢ ︽ᠪᠠᠷᠢᠮᠵᠢᠶ᠎ᠠ ᠪᠠᠷ ᠪᠣᠬᠢᠷᠲᠤᠯ ᠦᠭᠡᠢ ᠬᠥᠭᠵᠢᠯᠲᠡ ᠳᠤ ᠬᠦᠴᠦᠨ ᠨᠡᠮᠡᠷᠢᠯᠡᠵᠦ ᠠᠷᠢᠯᠵᠢᠶᠠᠨ ᠤ ᠰᠠᠭᠠᠳ | ᠦᠭᠡᠢ ᠨᠡᠪᠲᠡᠷᠡᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠢᠳᠡᠭᠡᠨ᠂ ᠣᠲᠣ ᠦᠶ᠎ᠡ ᠶᠢᠨ ᠮᠠᠯ ᠠᠵᠤ | ᠠᠬᠤᠢ ᠲᠠᠷᠢᠶᠠᠯᠠᠩ ᠵᠡᠷᠭᠡ ᠬᠦᠷᠢᠶᠡᠨ ᠳᠤ ᠮᠣᠩᠭᠤᠯ ᠤᠯᠤᠰ᠂ ᠣᠷᠣᠰ ᠵᠡᠷᠭᠡ ᠤᠯᠤᠰ᠂ ᠭᠠᠵᠠᠷ ᠣᠷᠣᠨ ᠯᠤᠭ᠎ᠠ ᠶᠢᠨ ᠪᠠᠷᠢᠮᠵᠢᠶᠠᠵᠢᠭᠤᠯᠤᠯᠲᠠ ᠶᠢᠨ | ᠬᠠᠮᠲᠤᠷᠠᠯᠴᠠᠭᠠᠨ ᠤ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠪᠠᠷᠢᠮᠵᠢᠶ᠎ᠠ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠪᠠᠷᠢᠮᠵᠢᠶ᠎ᠠ ᠪᠠ ᠰᠢᠨ᠎ᠡ ᠶᠢ | ᠡᠭᠦᠳᠬᠦ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠪᠠᠷ ᠪᠣᠢ᠃ | | | | | |