ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠭᠦᠭᠡᠬᠤᠲᠠ ᠳᠤ ᠶᠠᠪᠤᠭᠳᠠᠪᠠ ᠯᠧᠢ ᠰᠧ ᠸᠧᠢ ᠴᠢ᠊ ᠪᠠᠲᠤ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2023/9/14
      9 ᠰᠠᠷ᠎ᠠ ᠶᠢᠨ 6 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠨᠢᠭᠡ ᠪᠤᠯᠬᠤ ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃       ᠭᠠᠨᠰᠤ ᠮᠤᠵᠢ ᠶᠢᠨ ᠳᠡᠳ᠋ ᠳᠠᠷᠤᠭ᠎ᠠ ᠯᠧᠢ ᠰᠧ ᠸᠧᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠪᠠᠶᠠᠷ ᠤᠨ ᠦᠭᠡ ᠬᠡᠯᠡᠵᠡᠢ᠃       ᠯᠧᠢ ᠰᠧ ᠸᠧᠢ᠂ ᠣᠶᠢᠷ᠎ᠠ ᠶᠢᠨ ᠵᠢᠯ ᠳᠤ ᠬᠤᠶᠠᠷ ᠮᠤᠵᠢ ᠣᠷᠣᠨ ᠡᠯ᠎ᠡ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠂ ᠥᠪᠥᠷ ᠮᠣᠩᠭᠤᠯ ᠤᠨ ᠠᠵᠤ ᠠᠬᠤᠶᠢᠯᠠᠯ ᠤᠨ ᠭᠠᠨᠰᠤ ᠳᠤ ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠦ ᠬᠡᠯᠡᠪᠡ᠃ ᠴᠢ᠊ ᠪᠠᠲᠤ᠂ ᠬᠤᠶᠠᠷ ᠮᠤᠵᠢ ᠣᠷᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠶᠠᠷ ᠭᠠᠵᠠᠷ ᠤᠨ ᠳᠠᠪᠠᠭᠤᠯᠢᠭ ᠢᠶᠠᠨ ᠳᠠᠪᠬᠤᠴᠠᠭᠤᠯᠤᠨ ᠶᠡᠬᠡᠰᠬᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠲᠣᠭᠲᠠᠴᠠ ᠶᠢ ᠬᠦᠴᠦᠯᠡᠨ ᠪᠠᠶᠢᠭᠤᠯᠤᠶ᠎ᠠ ᠭᠡᠵᠦ ᠬᠡᠯᠡᠪᠡ᠃       ᠯᠧᠢ ᠰᠧ ᠸᠧᠢ ᠥᠪᠥᠷ ᠮᠣᠩᠭᠤᠯ ᠤᠨ ᠭᠠᠨᠰᠤ ᠶᠢᠨ ᠬᠤᠳᠠᠯᠳᠤᠭᠠᠴᠢᠳ ᠤᠨ ᠡᠪᠯᠡᠯ ᠳᠤ ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠤᠯᠪᠤᠭ᠎ᠠ ᠶᠢᠨ ᠲᠥᠪ ᠤᠨ ᠫᠠᠶᠢᠰᠠ ᠢᠯᠡᠷᠬᠡᠶᠢᠯᠡᠯ ᠢ ᠣᠯᠭᠤᠪᠠ᠃ ᠭᠠᠨᠰᠤ ᠥᠪᠥᠷ ᠮᠣᠩᠭᠤᠯ ᠬᠤᠶᠠᠷ ᠭᠠᠵᠠᠷ ᠤᠨ ᠠᠵᠤ ᠠᠬᠤᠶᠢᠯᠠᠯ ᠲᠤᠬᠠᠢ ᠶᠢᠨ ᠲᠠᠯᠠᠪᠠᠶ ᠳᠤ 13 ᠲᠥᠷᠥᠯ ᠵᠦᠢᠯ ᠤᠨ ᠭᠡᠷ᠎ᠡ ᠲᠣᠭᠲᠠᠪᠠ᠃ ᠬᠤᠶᠠᠷ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ