ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ ᠲᠢᠶᠠᠨ ᠱᠢ ᠬᠤᠩ ᠴᠢ᠊ ᠪᠠᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/9/14
      9 ᠰᠠᠷ᠎ᠠ ᠶᠢᠨ 6 ᠤ ᠡᠳᠦᠷ᠂ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠦᠭᠡᠬᠤᠲᠠ ᠳᠤ ︽ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠬᠢᠷᠠᠯᠴᠠᠵᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ᠂ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠤᠨ ᠡᠷᠭᠢᠯᠡᠭᠴᠢ ᠲᠢᠶᠠᠨ ᠱᠢ ᠬᠤᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠳᠡᠭᠡᠷ᠎ᠡ ᠭᠠᠷ ᠤᠨ ᠦᠰᠦᠭ ᠵᠢᠷᠤᠪᠠ᠃       ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠢᠰᠲ᠋ᠧᠮ ᠤᠨ ᠪᠠᠶᠢᠭᠤᠯᠤᠯᠲᠠ᠂ ᠪᠠᠷᠢᠮᠵᠢᠶᠠᠵᠢᠭᠤᠯᠤᠯᠲᠠ ᠶᠢ ᠲᠣᠭᠠᠴᠢᠯᠠᠯᠳᠠ ᠲᠡᠶᠢᠰᠢ ᠭᠡᠯᠪᠡᠷᠢ ᠶᠢ ᠬᠤᠪᠢᠷᠠᠭᠤᠯᠤᠨ ᠬᠥᠭᠵᠢᠭᠦᠯᠬᠦ᠂ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ᠃ ᠪᠠᠷᠢᠮᠵᠢᠶᠠᠵᠢᠭᠤᠯᠤᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ