ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ ᠤᠨ ᠤᠷᠢᠯᠭ᠎ᠠ ᠪᠠᠷ᠂ 9 ᠰᠠᠷ᠎ᠠ ᠶᠢᠨ 7 ᠠᠴᠠ 8 ᠤ ᠡᠳᠦᠷ ᠪᠤᠯᠲᠠᠯ᠎ᠠ᠂ | ᠱᠠᠩᠬᠠᠢ ᠬᠤᠳᠠ ᠶᠢᠨ ᠵᠧᠵᠢᠶᠠᠩ ᠤᠨ ᠬᠤᠳᠠᠯᠳᠤᠭᠠᠴᠢᠳ ᠤᠨ ᠡᠪᠯᠡᠯ ᠠᠵᠤ ᠠᠬᠤᠶᠢᠯᠠᠯᠲᠠᠨ ᠤ ᠲᠥᠯᠥᠭᠡᠯᠡᠭᠴᠢᠳ ᠤᠨ ᠪᠦᠯᠭᠦᠮ ᠢᠶᠠᠨ ᠵᠣᠬᠢᠶᠠᠨ ᠪᠠᠶᠢᠭᠤᠯᠵᠤ ᠮᠠᠨ ᠤ | ᠣᠷᠣᠨ ᠳᠤ ᠢᠷᠡᠵᠥ ᠰᠢᠨᠵᠢᠯᠡᠨ ᠪᠠᠶᠢᠴᠠᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ᠂ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠬᠤᠯᠪᠣᠭᠳᠠᠯ ᠪᠦᠬᠦᠢ ᠠᠵᠢᠯᠯᠠᠭ᠎ᠠ ᠳᠤ | ᠣᠷᠣᠯᠴᠠᠵᠠᠢ᠃ | ᠶᠠᠩ ᠸᠧᠢ ᠳ᠋ᠦᠩ ᠱᠠᠩᠬᠠᠢ ᠬᠤᠳᠠ ᠶᠢᠨ ᠵᠧᠵᠢᠶᠠᠩ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠸᠠᠩ ᠵᠢᠶᠦ᠋ᠨ ᠶᠢᠨ ᠨᠠᠷ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠵᠦ᠂ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠪᠦᠭᠦ | ᠬᠦᠴᠦᠨ ᠢᠶᠠᠷ ᠢᠶᠠᠨ ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ᠂ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠰᠠᠶᠢᠨ | ᠪᠠᠶᠢᠵᠤ᠂ ᠳᠠᠯᠳᠠ ᠬᠦᠴᠦᠨ ᠬᠢᠵᠠᠭᠠᠯᠠᠰᠢ ᠦᠭᠡᠢ ᠪᠠᠶᠢᠨ᠎ᠠ᠃ ᠡᠯ᠎ᠡ ᠠᠵᠤ ᠠᠬᠤᠶᠢᠯᠠᠯᠲᠠᠨ ᠲᠠᠢ ᠨᠡᠩ ᠤᠯᠠᠨ ᠦᠷ᠎ᠡ ᠪᠦᠲᠦᠮᠵᠢ ᠲᠠᠢ ᠭᠦᠨᠵᠡᠭᠡᠢ ᠬᠠᠮᠲᠤᠷᠠᠯᠴᠠᠭ᠎ᠠ | ᠥᠷᠨᠢᠭᠦᠯᠬᠦ ᠶᠢ ᠬᠦᠰᠡᠵᠦ ᠪᠠᠶᠢᠨ᠎ᠠ᠂ ᠥᠪᠥᠷ ᠮᠣᠩᠭᠤᠯ ᠦᠨᠡᠨ ᠰᠡᠳᠬᠢᠯ ᠠᠴᠠ ᠪᠠᠨ ᠤᠯᠠᠨ ᠳᠤ ᠬᠠᠮᠤᠭ ᠤᠨ ᠰᠢᠯᠢᠳᠡᠭ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠡᠭᠦᠳᠴᠦ ᠥᠭᠭᠦᠨ᠎ᠡ ᠭᠡᠪᠡ᠃ | ᠡᠨᠡ ᠬᠤᠭᠤᠴᠠᠭᠠᠨ ᠳᠤ᠂ ᠶᠠᠩ ᠶᠢᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠶᠢᠮᠠᠭ ᠬᠤᠳᠠ ᠶᠢ ᠵᠣᠬᠢᠶᠠᠨ | ᠪᠠᠶᠢᠭᠤᠯᠵᠤ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠲᠠᠳ ᠲᠠᠢ ᠶᠠᠷᠢᠯᠴᠠᠨ ᠰᠣᠯᠢᠯᠴᠠᠵᠤ᠂ ᠭᠦᠨᠵᠡᠭᠡᠢ ᠵᠣᠯᠭᠠᠭᠤᠯᠬᠤ ᠶᠢᠨ ᠵᠡᠷᠭᠡ ᠪᠠᠷ ᠠᠶᠢᠯᠴᠢᠯᠠᠷ᠎ᠠ | ᠢᠷᠡᠭᠰᠡᠨ ᠠᠵᠤ ᠠᠬᠤᠶᠢᠯᠠᠯᠲᠠᠳ ᠲᠤ ᠪᠠᠷ᠎ᠠ ᠪᠣᠯᠵᠤ ᠢᠯᠢ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠰᠢᠨᠵᠢᠯᠡᠨ ᠪᠠᠶᠢᠴᠠᠭᠠᠪᠠ᠃ | | | |