9 ᠰᠠᠷ᠎ᠠ ᠶᠢᠨ 10 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠭᠦᠭᠡᠬᠤᠲᠠ ᠳᠤ | ᠠᠮᠵᠢᠯᠲᠠ ᠲᠠᠢ ᠥᠨᠳᠥᠷᠯᠡᠪᠡ᠃ ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ᠂ ᠬᠤᠯᠪᠣᠭᠳᠠᠯ ᠪᠦᠬᠦᠢ ᠤᠯᠤᠰ᠂ ᠭᠠᠵᠠᠷ ᠣᠷᠣᠨ᠂ ᠮᠤᠵᠢ ᠣᠷᠣᠨ | ᠬᠤᠲᠠ ᠪᠣᠯᠣᠨ ᠠᠶᠢᠮᠠᠭ ᠬᠤᠲᠠ 20 ᠭᠠᠷᠤᠢ ᠲᠠᠯᠠᠪᠤᠷ ᠡᠯ᠎ᠡ ᠲᠥᠷᠥᠯ ᠤᠨ ᠠᠵᠤ ᠠᠬᠤᠢ ᠠᠷᠠᠯᠵᠢᠶᠠᠨ ᠤ ᠠᠵᠢᠯᠯᠠᠭ᠎ᠠ ᠡᠷᠭᠢᠯᠡᠵᠦ᠂ ᠭᠡᠷ᠎ᠡ ᠲᠣᠭᠲᠠᠭᠰᠠᠨ ᠲᠥᠷᠥᠯ | ᠵᠦᠢᠯ 200 ᠶᠢ ᠳᠠᠪᠠᠵᠤ᠂ ᠬᠡᠯᠡᠯᠴᠡᠭᠡᠷ ᠲᠤ ᠭᠡᠷ᠎ᠡ ᠲᠣᠭᠲᠠᠭᠰᠠᠨ ᠵᠣᠭᠤᠰ ᠤᠨ ᠲᠤᠭ᠎ᠠ 3853.38 ᠳ᠋ᠦᠩᠰᠢᠭᠤᠷ ᠲᠥᠭᠦᠷᠢᠭ ᠲᠤ ᠬᠦᠷᠴᠡᠢ᠃ | ᠭᠤᠣᠯ ᠦᠵᠡᠰᠭᠦᠯᠡᠩ ᠤᠨ ᠲᠣᠭᠤᠷᠢᠭ ᠪᠤᠯᠬᠤ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠬᠤᠳᠠᠯᠳᠤᠭᠠᠴᠢᠨ | ᠵᠢᠭᠤᠯᠴᠢᠯᠠᠬᠰᠡᠳ ᠢ 75 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠲᠤᠬᠠᠢ ᠶᠢᠨ ᠲᠠᠯᠠᠪᠠᠢ ᠶᠢᠨ ᠬᠤᠳᠠᠯᠳᠤᠨ ᠠᠪᠴᠤ ᠠᠷᠠᠯᠵᠢᠶᠠᠨ ᠤ ᠲᠤᠭ᠎ᠠ ᠨᠢ 2.5 | ᠳ᠋ᠦᠩᠰᠢᠭᠤᠷ ᠲᠥᠭᠦᠷᠢᠭ ᠲᠤ ᠬᠦᠷᠴᠡᠢ᠃ ︽ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠭᠤᠶᠢᠳᠠ ᠰᠠᠶᠢᠬᠠᠨ᠂ ᠤᠷᠢᠳ ᠡᠮᠦᠨ᠎ᠡ ᠭᠠᠷᠤᠭ᠎ᠠ ᠦᠭᠡᠢ | ᠦᠪᠡᠳᠡᠭᠰᠢ ᠪᠠᠶᠢᠳᠠᠯ ᠲᠠᠢ ᠪᠣᠯᠪᠠ᠂ ᠡᠭᠦᠨ ᠳᠤ ᠭᠤᠣᠯᠳᠠᠭᠤ ᠳᠣᠣᠷᠠᠬᠢ ᠮᠡᠲᠦ ᠭᠢᠯᠠᠰ ᠴᠡᠭ ᠢᠯᠡᠷᠡᠪᠡ᠄ ᠨᠢᠭᠡ ᠳᠤ᠂ ᠦᠵᠡᠰᠭᠦᠯᠡᠩ ᠳᠤ ᠣᠷᠣᠯᠴᠠᠬᠰᠠᠨ ᠶᠡᠷᠦᠩᠬᠡᠢ | ᠬᠡᠪᠴᠢᠶ᠎ᠡ ᠨᠢᠭᠡᠨᠲᠡ ᠥᠩᠭᠡᠷᠡᠭᠰᠡᠨ ᠬᠤᠭᠤᠴᠠᠭᠠᠨ ᠤ ᠬᠢ ᠠᠴᠠ ᠳᠠᠪᠠᠵᠤ᠂ ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠪᠠ ᠦᠵᠡᠰᠭᠦᠯᠡᠩ ᠳᠤ ᠣᠷᠣᠯᠴᠠᠬᠰᠠᠨ | ᠠᠵᠤ ᠠᠬᠤᠶᠢᠯᠠᠯ ᠲᠦᠮᠡ ᠭᠠᠷᠤᠢ ᠬᠥᠮᠥᠨ ᠪᠠᠶᠢᠨ᠎ᠠ︔ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ᠂ ᠬᠤᠯᠪᠣᠭᠳᠠᠯ | ᠪᠦᠬᠦᠢ ᠠᠶᠢᠮᠠᠭ ᠬᠤᠲᠠ ᠵᠢᠴᠢ ᠬᠤᠯᠪᠣᠭᠳᠠᠯ ᠪᠦᠬᠦᠢ ᠤᠯᠤᠰ᠂ ᠮᠤᠵᠢ ᠣᠷᠣᠨ ᠬᠤᠲᠠ ᠶᠢᠨ ᠡᠷᠭᠢᠯᠡᠭᠰᠡᠨ ᠠᠵᠤ ᠠᠬᠤᠢ ᠠᠷᠠᠯᠵᠢᠶᠠᠨ ᠤ ᠰᠢᠷᠢᠰ ᠠᠵᠢᠯᠯᠠᠭ᠎ᠠ ᠶᠢ | ᠪᠠᠭᠲᠠᠭᠠᠭᠰᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠯᠡᠯᠴᠡᠭᠡᠷ ᠤᠨ ᠬᠤᠷᠠᠯ ᠢ ᠡᠷᠭᠢᠯᠡᠵᠦ᠂ ᠬᠡᠯᠡᠯᠴᠡᠭᠡᠷ ᠲᠤ ᠭᠠᠷ ᠤᠨ ᠥᠰᠥᠭ | ᠵᠢᠷᠤᠭᠰᠠᠨ ᠵᠣᠭᠤᠰ ᠤᠨ ᠲᠤᠭ᠎ᠠ ᠨᠢ ᠨᠢᠭᠡᠨᠲᠡ ᠡᠮᠦᠨ᠎ᠡ ᠭᠤᠷᠪᠠᠨ ᠬᠤᠭᠤᠴᠠᠭᠠᠨ ᠤ ᠨᠡᠶᠢᠯᠡᠪᠦᠷᠢ ᠠᠴᠠ ᠳᠠᠪᠠᠪᠠ︔ ᠭᠤᠷᠪᠠ ᠳᠤ᠂ ᠴᠡᠯᠡᠭᠡᠷ ᠲᠠᠯ᠎ᠠ ᠤᠯᠠᠠ | ᠤᠯᠤᠰ ᠤᠨ ᠬᠤᠷᠠᠯ ᠦᠵᠡᠰᠭᠦᠯᠡᠩ ᠤᠨ ᠲᠥᠪ ᠢ ᠡᠬᠢᠯᠡᠨ ᠬᠡᠷᠡᠭᠯᠡᠵᠦ᠂ ᠦᠵᠡᠰᠭᠦᠯᠡᠩ ᠳᠤ ᠣᠷᠣᠯᠴᠠᠬᠰᠠᠨ ᠤᠯᠤᠰ᠂ ᠦᠵᠡᠰᠭᠦᠯᠡᠩ ᠤᠨ ᠲᠠᠯᠠᠪᠠᠢ᠂ | ᠦᠵᠡᠰᠭᠦᠯᠡᠩ ᠳᠤ ᠣᠷᠣᠯᠴᠠᠬᠰᠠᠨ ᠠᠵᠢᠯ ᠲᠦᠷᠦᠯ ᠠᠵᠤ ᠠᠬᠤᠶᠢᠯᠠᠯ ᠤᠨ ᠲᠤᠭ᠎ᠠ ᠪᠦᠷ ᠥᠩᠭᠡᠷᠡᠭᠰᠡᠨ ᠬᠤᠭᠤᠴᠠᠭᠠᠨ ᠤ ᠬᠢ ᠠᠴᠠ ᠳᠠᠪᠠᠵᠠᠢ︔ ᠳᠥᠷᠪᠡ ᠳᠤ᠂ | ᠠᠩᠬ᠎ᠠ ᠤᠳᠠᠭ᠎ᠠ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠠᠷᠭ᠎ᠠ ᠭᠡᠯᠪᠡᠷᠢ ᠶᠢ ᠠᠪᠴᠤ᠂ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠵᠠᠬ᠎ᠠ | ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠬᠤ ᠳᠤ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ ᠬᠤᠷᠠᠮᠳᠤᠭᠤᠯᠪᠠ︔ ᠲᠠᠪᠤ ᠳᠤ᠂ ᠠᠩᠬᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠨᠡᠷᠡᠳᠦ ᠵᠢᠵᠢᠭ ᠢᠳᠡᠭᠡᠨ ᠠᠮᠲᠠᠲᠤ ᠢᠳᠡᠭᠡᠨ ᠤ ᠰᠣᠶᠣᠯ ᠤᠨ ᠭᠠᠷᠠᠭ ᠢ ᠡᠷᠭᠢᠯᠡᠵᠦ᠂ ᠠᠮᠲᠠᠲᠤ ᠢᠳᠡᠭᠡᠨ ᠤ ᠰᠣᠶᠣᠯ ᠤᠨ | ᠰᠣᠯᠢᠯᠴᠠᠭ᠎ᠠ ᠶᠢ ᠪᠠᠶᠠᠯᠢᠭᠵᠢᠭᠤᠯᠵᠤ᠂ ᠤᠯᠠᠨ ᠤ ᠪᠠᠭ᠋ᠠᠷᠬᠠᠯ ᠢ ᠲᠠᠲᠠᠪᠠ᠃ ᠪᠢᠳᠡ ᠲᠣᠰ ᠤᠳᠠᠭ᠎ᠠ ᠶᠢᠨ ᠦᠵᠡᠰᠭᠦᠯᠡᠩ ᠤᠨ ᠴᠤᠭᠯᠠᠭᠠᠨ ᠢ ᠡᠷᠭᠢᠯᠡᠭᠰᠡᠨ | ᠲᠤᠷᠰᠢᠯᠭ᠎ᠠ ᠪᠠᠨ ᠳ᠋ᠦᠩᠨᠡᠵᠦ᠂ ᠰᠠᠭᠤᠷᠢ ᠲᠥᠬᠦᠭᠡᠷᠦᠮᠵᠢ᠂ ᠦᠵᠡᠰᠭᠦᠯᠡᠩ ᠤᠨ ᠴᠤᠭᠯᠠᠭᠠᠨ ᠤ ᠲᠠᠯᠠᠪᠠᠶ ᠶᠢᠨ ᠬᠠᠮᠢᠶᠠᠷᠤᠯᠲᠠ᠂ ᠲᠤᠰᠬᠠᠢ ᠮᠡᠷᠭᠡᠵᠢᠯ ᠤᠨ ᠡᠩᠨᠡᠭᠡ ᠶᠢ | ᠬᠥᠮᠥᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠠᠷᠠᠭᠠᠴᠢ ᠶᠢᠨ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠡᠷᠭᠢᠯᠡᠭᠦ ᠳᠤ | ᠰᠠᠶᠢᠲᠤᠷ ᠪᠡᠯᠡᠳᠬᠡᠯ ᠬᠢᠨ᠎ᠡ︾ ᠭᠡᠵᠦ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ | ᠵᠢᠶᠦ᠋ᠨ ᠬᠡᠯᠡᠪᠡ᠃ | ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ | ᠬᠠᠮᠲᠤᠷᠠᠯᠴᠠᠭᠠᠨ ᠤ ᠲᠦᠷᠦᠯ ᠵᠦᠢᠯ ᠮᠥᠨ᠂ ᠪᠦᠭᠦ ᠳᠡᠯᠡᠬᠡᠢ ᠳᠤ ᠬᠠᠨᠳᠤᠭᠤᠯᠤᠭᠰᠠᠨ ᠣᠯᠠᠨ ᠤᠯᠤᠰ ᠤᠨ ᠠᠵᠤ ᠠᠬᠤᠢ ᠠᠷᠠᠯᠵᠢᠶ᠎ᠠ ᠰᠣᠶᠣᠯ ᠢᠷᠭᠡᠨᠰᠢᠯ ᠤᠨ | ᠬᠠᠮᠲᠤᠷᠠᠯᠴᠠᠭᠠᠨ ᠤ ᠰᠣᠯᠢᠯᠴᠠᠭᠠᠨ ᠤ ᠲᠠᠪᠴᠠᠩ ᠮᠥᠨ᠂ ᠳᠤᠮᠳᠠᠳᠤ ᠮᠣᠩᠭᠤᠯ ᠬᠤᠶᠠᠷ ᠤᠯᠤᠰ ᠤᠨ ᠵᠡᠭᠦᠨ ᠬᠤᠶᠢᠲᠤ ᠠᠽᠢᠶ᠎ᠠ ᠴᠢᠨᠠᠭᠰᠢᠯᠠᠪᠠᠯ ᠳᠡᠯᠡᠬᠡᠢ ᠶᠢᠨ ᠡᠯ᠎ᠡ | ᠤᠯᠤᠰ ᠯᠤᠭ᠎ᠠ ᠤᠯᠤᠰ ᠲᠥᠷᠥ ᠶᠢᠨ ᠢᠲᠡᠭᠡᠯᠴᠡᠭᠡ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠬᠦ | ᠬᠥᠭᠦᠷᠭᠡ ᠪᠠ ᠬᠤᠯᠪᠣᠭᠠᠰᠤ ᠮᠥᠨ᠃ ᠡᠭᠦᠨ ᠠᠴᠠ ᠡᠮᠦᠨ᠎ᠡ ᠨᠢᠭᠡᠨᠲᠡ 2015 ᠣᠨ᠂ 2017 ᠣᠨ᠂ 2019 ᠣᠨ ᠳᠤ ᠭᠤᠷᠪᠠᠨ ᠬᠤᠭᠤᠴᠠᠭ᠎ᠠ ᠶᠢ | ᠠᠮᠵᠢᠯᠲᠠ ᠲᠠᠢ ᠡᠷᠭᠢᠯᠡᠪᠡ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠨᠢ ︽ᠨᠡᠭᠡᠭᠡᠯᠲᠡ ᠶᠢᠨ ᠰᠢᠨ᠎ᠡ | ᠪᠠᠶᠢᠷᠢᠰᠢᠯ ᠢ ᠬᠠᠮᠲᠤ ᠪᠠᠷ ᠪᠠᠶᠢᠭᠤᠯᠵᠤ᠂ ᠬᠥᠭᠵᠢᠯᠲᠡ ᠶᠢᠨ ᠰᠢᠨ᠎ᠡ ᠠᠵᠠ ᠲᠣᠭᠢᠶᠠᠯ ᠢ ᠬᠠᠮᠲᠤ ᠪᠠᠷ ᠡᠳ᠋ᠯᠡᠶ᠎ᠡ︾ ᠭᠡᠳᠡᠭ ᠢᠶᠠᠷ ᠭᠤᠣᠯ ᠰᠡᠳᠦᠪ ᠪᠤᠯᠭᠠᠵᠤ᠂ | ᠬᠤᠳᠠᠯᠳᠤᠭᠠᠨ ᠤ ᠶᠠᠪᠤᠳᠠᠯ ᠤᠨ ᠶᠠᠮᠤᠨ᠂ ᠮᠣᠩᠭᠤᠯ ᠤᠯᠤᠰ ᠤᠨ ᠢᠳᠡᠭᠡᠨ ᠮᠠᠯ ᠠᠵᠤ ᠠᠬᠤᠢ ᠲᠠᠷᠢᠶᠠᠯᠠᠩ ᠪᠠ ᠬᠥᠩᠭᠡᠨ ᠠᠵᠤ ᠦᠢᠯᠡᠳᠪᠦᠷᠢ ᠶᠢᠨ ᠶᠠᠮᠤᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ 9 ᠰᠠᠷ᠎ᠠ ᠶᠢᠨ 6 ᠤ ᠡᠳᠦᠷ ᠭᠦᠭᠡᠬᠤᠲᠠ ᠳᠤ | ᠡᠬᠢᠯᠡᠪᠡ᠂ ᠡᠨᠡ ᠬᠤᠭᠤᠴᠠᠭᠠᠨ ᠳᠤ ᠡᠭᠢᠯᠡᠯᠲᠡ ᠶᠢᠨ ᠶᠣᠰᠣᠯᠠᠯ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠨ ᠬᠡᠯᠡᠯᠴᠡᠬᠦ | ᠬᠤᠷᠠᠯ᠂ ᠬᠤᠷᠠᠯ ᠤᠨ ᠶᠠᠷᠢᠶᠠᠨ ᠤ ᠲᠠᠪᠴᠠᠩ᠂ ᠦᠵᠡᠰᠭᠦᠯᠡᠩ ᠤᠨ ᠴᠤᠭᠯᠠᠭᠠᠨ ᠦᠵᠡᠭᠦᠯᠭᠡ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠪᠤᠨ ᠲᠣᠮᠣ | ᠬᠡᠰᠡᠭ ᠤᠨ ᠰᠢᠷᠢᠰ ᠠᠵᠢᠯᠯᠠᠭ᠎ᠠ ᠡᠷᠭᠢᠯᠡᠪᠡ᠃ |