9 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ | ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ | ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠩ ᠥᠨᠳᠥᠷ ᠵᠣᠭᠰᠣᠴᠠ᠂ ᠨᠠᠩ ᠶᠡᠭᠡ ᠡᠷᠴᠢᠮ | ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ | ᠫᠢᠩ ᠤᠨ ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠥᠪᠥᠷ ᠮᠣᠩᠭᠤᠯ ᠳᠤ ᠴᠤ ᠴᠢᠬᠤᠯᠠ ᠵᠢᠯᠤᠭᠤᠳᠬᠤ | ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠬᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠢ | ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠥᠪᠡᠷᠲᠡᠭᠡᠨ ᠵᠠᠰᠠᠬᠤ ᠣᠷᠣᠨ ᠳᠤ ᠵᠢᠭᠠᠵᠤ ᠥᠭᠭᠦᠭᠰᠡᠨ ᠴᠢᠭᠯᠡᠯ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠭᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠴᠢᠷᠮᠠᠶᠢᠨ ᠲᠡᠮᠡᠴᠡᠵᠦ ᠪᠠᠶᠢᠭᠠᠳ ᠰᠢᠨ᠎ᠡ ᠵᠠᠮ ᠨᠡᠭᠡᠭᠡᠵᠦ᠂ ᠳᠤᠮᠳᠠ | ᠲᠦᠪᠰᠢᠨ ᠳᠤ ᠣᠷᠣᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ | ᠰᠠᠶᠢᠨ ᠬᠤᠪᠢ ᠨᠡᠮᠡᠷᠢ ᠦᠵᠡᠭᠦᠯᠭᠦ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠡᠭᠵᠢᠭᠦᠯᠬᠦ ᠲᠥᠰᠥᠯ | ᠪᠣᠯᠭᠠᠨ ᠨᠠᠷᠢᠯᠢᠭᠵᠢᠭᠤᠯᠵᠤ᠂ ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ ᠯᠠᠪᠳᠠᠭᠤᠨ ᠪᠠᠲᠤᠲᠠᠢ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢᠳ ᠲᠤ ᠥᠭᠭᠦᠭᠰᠡᠨ ᠵᠠᠬᠢᠳᠠᠯ ᠪᠣᠯᠣᠨ ᠯᠢ | ᠴᠢᠶᠠᠩ ᠨᠥᠬᠦᠷ ᠤᠨ ᠴᠣᠬᠤᠯᠠᠪᠤᠷᠢ᠂ ᠪᠦᠭᠦ ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠣᠯᠭᠠᠨ ᠴᠢᠩᠭ᠎ᠠ ᠠᠳᠬᠤᠬᠤ ᠶᠢ ᠪᠠᠷᠢᠮᠲᠠᠯᠠᠵᠤ᠂ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠣᠯᠠᠨ ᠪᠠᠭᠰᠢ ᠶᠢᠨ ᠬᠠᠷᠠᠭᠠᠯᠵᠠᠯ ᠬᠦᠷᠲᠡᠭᠡᠮᠵᠢ ᠶᠢ ᠰᠠᠶᠢᠲᠤᠷ ᠪᠠᠲᠤᠯᠠᠵᠤ᠂ | ᠪᠠᠭᠰᠢ ᠶᠢ ᠬᠥᠮᠥᠵᠢᠭᠦᠯᠵᠦ ᠬᠠᠮᠢᠶᠠᠷᠬᠤ ᠲᠣᠭᠲᠠᠴᠠ ᠶᠢᠨ ᠰᠢᠨ᠎ᠡ ᠶᠢ ᠡᠭᠦᠳᠴᠦ᠂ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ | ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠬᠦᠴᠦᠯᠡᠨ ᠪᠤᠶ ᠪᠤᠯᠭᠠᠵᠤ᠂ ᠥᠷᠭᠡᠨ ᠣᠯᠠᠨ ᠪᠠᠭᠰᠢ ᠶᠢᠨ ᠢᠷᠠᠭᠤ ᠠᠯᠳᠠᠷᠲᠤ ᠲᠥᠷᠥᠭᠳᠡᠯ ᠪᠠ ᠬᠦᠷᠲᠡᠮᠵᠢ ᠶᠢᠨ | ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠮᠠᠨ ᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ᠂ | ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ | ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ᠂ ᠭᠠᠳᠠᠭᠠᠳᠤ ᠦᠢᠯᠡᠴᠢᠯᠡᠭᠡᠨ ᠤ ᠠᠷᠠᠯᠵᠢᠶ᠎ᠠ ᠶᠢ ᠥᠷᠭᠡᠳᠬᠡᠬᠦ᠂ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ᠂ ᠬᠠᠤᠯᠢᠵᠢᠯ ᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠭᠠᠳᠠᠭᠠᠳᠤ ᠬᠠᠮᠲᠤᠷᠠᠯᠴᠠᠭ᠎ᠠ | ᠰᠣᠯᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠵᠢᠯ ᠤᠨ ᠲᠤᠬᠠᠢ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠭᠤᠣᠯ ᠰᠡᠳᠦᠪᠲᠦ | ᠬᠥᠮᠦᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠭᠦ ᠬᠡᠷᠡᠭᠵᠢᠭᠦᠯᠬᠦ ᠲᠥᠰᠥᠯ ᠪᠠ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠬᠦ ᠶᠢᠨ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ᠂ ᠬᠤᠶᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠵᠣᠯᠭᠠᠭᠤᠯᠵᠤ ᠬᠤᠯᠪᠣᠯᠳᠤᠭᠤᠯᠵᠤ᠂ | ᠪᠣᠳᠠᠲᠠᠢ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠰᠡᠷᠭᠡᠶᠢᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠣᠷᠳᠣᠰ ᠬᠤᠲᠠ ᠶᠢᠨ ᠬᠠᠩᠭᠢᠨ ᠬᠤᠰᠢᠭᠤᠨ ᠤ ᠢ ᠳ᠋ᠢᠩ ᠠᠮᠢ ᠠᠬᠤᠢ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ | ᠺᠤᠮᠫᠠᠨᠢ ᠶᠢᠨ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ ᠭᠠᠷᠤᠭᠰᠠᠨ ᠠᠳᠡᠯ ᠠᠴᠠ ᠠᠪᠤᠷᠠᠨ ᠲᠤᠰᠠᠯᠠᠵᠤ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠰᠢᠷᠬᠠᠲᠤᠭᠰᠠᠳ ᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ | ᠬᠦᠯᠢᠴᠡᠩᠭᠦᠢ ᠨᠠᠷᠢᠨ ᠨᠢᠮᠪᠠᠢ ᠰᠠᠶᠢᠲᠤᠷ ᠬᠢᠵᠦ᠂ ᠠᠳᠡᠯ ᠤᠨ ᠰᠢᠯᠲᠠᠭᠠᠨ ᠢ ᠦᠳᠲᠡᠷ ᠲᠦᠷᠭᠡᠨ ᠪᠠᠶᠢᠴᠠᠭᠠᠨ ᠲᠣᠳᠣᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠤᠷᠢᠭ᠎ᠠ ᠱᠤᠭᠤᠮ ᠤᠨ ᠰᠡᠳᠬᠢᠬᠦᠢ ᠪᠠᠨ | ᠴᠢᠩᠭᠠᠳᠬᠠᠵᠤ᠂ ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠠᠭ ᠢᠮᠠᠭᠲᠠ | ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠠᠶᠤᠯᠭᠦᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ | ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠭᠡᠮ ᠰᠣᠭᠤᠭ ᠢ ᠦᠨᠳᠦᠰᠦ ᠠᠴᠠ ᠨᠢ ᠬᠦᠴᠦᠯᠡᠨ ᠠᠷᠢᠯᠭᠠᠵᠤ᠂ ᠠᠰᠠᠭᠤᠳᠠᠯ ᠢ ᠦᠨᠳᠦᠰᠦᠨ ᠠᠴᠠ ᠨᠢ | ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |