2023 ᠣᠨ ᠤ ᠥᠪᠥᠷ ᠮᠣᠩᠭᠤᠯ ᠤᠨ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠡᠬᠢᠯᠡᠪᠡ ᠴᠢ᠊ ᠪᠠᠲᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/9/14
      9 ᠳ᠋ᠦ᠋ᠭᠡᠷ ᠰᠠᠷ᠎ᠠ ᠶᠢᠨ 11 ᠤ ᠡᠳᠦᠷ᠂ ︽ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ 2023 ᠣᠨ ᠤ ᠥᠪᠥᠷ ᠮᠣᠩᠭᠤᠯ ᠤᠨ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠡᠬᠢᠯᠡᠪᠡ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠴᠢ᠊ ᠪᠠᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠲᠤᠰ ᠤᠳᠠᠭ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠨ᠂ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠬᠥᠲᠥᠯᠪᠦᠷᠢ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠶᠠᠰᠤ ᠴᠢᠨᠠᠷ ᠪᠣᠯᠣᠨ ᠲᠦᠷᠦᠯ ᠲᠡᠮᠳᠡᠭ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠶᠠᠰᠤ ᠴᠢᠨᠠᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠤ ᠲᠤᠰᠢᠶᠠᠯᠲᠠᠨ ᠤ ᠶᠠᠰᠤ ᠴᠢᠨᠠᠷ ᠤᠨ ᠬᠤᠪᠢᠰᠤᠯᠲᠠ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠳᠤᠭᠤᠶᠢᠯᠠᠩ ᠤᠨ ᠠᠵᠢᠯᠯᠠᠭ᠎ᠠ ᠶᠢᠨ ᠰᠢᠯᠢᠳᠡᠭ ᠪᠦᠲᠦᠭᠡᠯ ᠢ ᠨᠡᠶᠢᠲᠡᠯᠡᠭᠰᠡᠨ ᠪᠥᠭᠡᠳ ᠥᠪᠥᠷ ᠮᠣᠩᠭᠤᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠤ ᠲᠤᠰᠢᠶᠠᠯᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠲᠤ ᠫᠠᠶᠢᠰᠠ ᠣᠯᠭᠤᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ