ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠯᠡ ᠪᠠᠷ ᠳᠠᠭᠠᠭᠠᠴᠢᠯᠠᠯᠲᠠ ᠵᠠᠷᠯᠠᠵᠤ 2023 ᠣᠨ ᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ︵ᠠᠷᠪᠠᠳᠤᠭᠠᠷ ᠪᠦᠯᠦᠭ︶ ᠶᠢ 106.3182 ᠳ᠋ᠦᠩᠰᠢᠭᠤᠷ ᠲᠥᠭᠦᠷᠢᠭ ᠠᠮᠵᠢᠯᠲᠠ ᠲᠠᠢ | ᠲᠠᠷᠬᠠᠭᠠᠪᠠ᠃ | ᠡᠭᠦᠨ ᠤ ᠳᠣᠲᠣᠷ᠎ᠠ 10 ᠵᠢᠯ ᠤᠨ ᠬᠤᠭᠤᠴᠠᠭᠠᠲᠤ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢ 45.1682 ᠳ᠋ᠦᠩᠰᠢᠭᠤᠷ | ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠶᠢᠨ ᠨᠤᠷᠮ᠎ᠠ 2.9% ᠳᠤ ᠬᠥᠷᠪᠡ︔ 10 ᠵᠢᠯ ᠤᠨ ᠬᠤᠭᠤᠴᠠᠭᠠᠲᠤ ᠳᠠᠬᠢᠨ ᠪᠡᠯᠡ ᠲᠣᠬᠢᠷᠠᠭᠤᠯᠬᠤ ᠡᠩ ᠤᠨ | ᠵᠢᠭᠡᠯᠡᠯᠭᠡ ᠶᠢᠨ ᠲᠡᠮᠳᠡᠭᠲᠦ ᠶᠢ 51.45 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠶᠢᠨ ᠨᠣᠷᠮ᠎ᠠ 2.9% ᠳᠤ ᠬᠥᠷᠪᠡ︔ 5 ᠵᠢᠯ ᠤᠨ | ᠬᠤᠭᠤᠴᠠᠭᠠᠲᠤ ᠳᠠᠬᠢᠨ ᠪᠡᠯᠡ ᠲᠣᠬᠢᠷᠠᠭᠤᠯᠬᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ 9.7 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ | ᠬᠦᠦ ᠶᠢᠨ ᠨᠣᠷᠮ᠎ᠠ 2.65% ᠳᠤ ᠬᠥᠷᠪᠡ᠃ ᠳᠠᠭᠠᠭᠠᠨ ᠪᠣᠷᠣᠯᠠᠭᠤᠯᠤᠭᠰᠠᠨ ᠳ᠋ᠦᠩ ᠠᠴᠠ ᠦᠵᠡᠪᠡᠯ᠂ ᠪᠠᠩᠬᠢ ᠶᠢᠨ ᠳᠠᠭᠠᠭᠠᠨ ᠪᠣᠷᠣᠯᠠᠭᠤᠯᠤᠭᠰᠠᠨ ᠵᠢᠭᠡᠯᠡᠯᠭᠡ ᠶᠢᠨ | ᠲᠡᠮᠳᠡᠭᠲᠦ 103.9182 ᠳ᠋ᠦᠩᠰᠢᠭᠤᠷ ᠲᠥᠭᠦᠷᠢᠭ ᠲᠤ ᠬᠦᠷᠴᠦ᠂ 97.7% ᠶᠢ ᠡᠵᠡᠯᠡᠪᠡ︔ ᠲᠡᠮᠳᠡᠭᠲᠦ ᠶᠢᠨ ᠬᠤᠳᠠᠯᠳᠤᠭᠠᠴᠢᠨ 2.4 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠵᠤ᠂ 2.3% ᠶᠢ ᠡᠵᠡᠯᠡᠪᠡ᠃ | ᠲᠣᠰ ᠤᠳᠠᠭ᠎ᠠ ᠲᠠᠷᠬᠠᠭᠠᠭᠰᠠᠨ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠶᠢ ᠦᠷᠭᠦᠯᠵᠢᠯᠡᠨ ᠬᠠᠩᠭᠠᠪᠠ᠃ ᠣᠲᠣ ᠪᠣᠯᠲᠠᠯ᠎ᠠ᠂ ᠮᠠᠨ ᠤ ᠣᠷᠣᠨ ᠡᠨᠡ ᠵᠢᠯ | ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠨᠡᠶᠢᠲᠡ 976.4 ᠳ᠋ᠦᠩᠰᠢᠭᠤᠷ ᠲᠥᠭᠦᠷᠢᠭ ᠲᠠᠷᠬᠠᠭᠠᠵᠤ᠂ ᠡᠳ᠋ ᠤᠨ ᠵᠠᠰᠠᠭ ᠤᠨ ᠶᠠᠮᠤᠨ ᠠᠴᠠ ᠮᠠᠨ ᠤ | ᠣᠷᠣᠨ ᠳᠤ ᠪᠠᠭᠤᠯᠭᠠᠭᠰᠠᠨ 2023 ᠣᠨ ᠤ ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠶᠢᠨ 80.6% ᠶᠢ ᠪᠡᠶᠡᠯᠡᠭᠦᠯᠵᠦ᠂ | ᠬᠤᠭᠤᠴᠠᠭ᠎ᠠ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢ ᠲᠥᠯᠥᠬᠦ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ | ᠪᠠᠭᠤᠷᠠᠭᠤᠯᠪᠠ᠃ | | | |