9 ᠳ᠋ᠦ᠋ᠭᠡᠷ ᠰᠠᠷ᠎ᠠ ᠶᠢᠨ 12 ᠤᠨ ᠡᠳᠦᠷ᠂ ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠵᠢᠴᠢ ᠨᠠᠮᠤᠷ ᠡᠪᠦᠯ ᠤᠨ ᠤᠯᠠᠷᠢᠯ ᠳᠠᠬᠢ ᠣᠢ ᠲᠠᠯ᠎ᠠ ᠶᠢᠨ | ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠳᠠᠶᠢᠴᠢᠨ᠂ ᠶᠠᠩ ᠶᠢᠨ ᠬᠤᠷᠠᠯ ᠳᠤ ᠣᠷᠣᠯᠴᠠᠵᠠᠢ᠃ | ᠬᠤᠸᠠᠩ ᡁᠢ ᠴᠢᠶᠠᠩ᠂ ᠡᠨᠡ ᠵᠢᠯ ᠡᠬᠢᠯᠡᠭᠰᠡᠨ ᠠᠴᠠ ᠨᠠᠭᠠᠰᠢ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠲᠦᠢᠯ ᠤᠨ ᠬᠦᠨᠳᠦ | ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠬᠠᠲᠠᠭᠤ ᠰᠤᠷᠭᠠᠮᠵᠢ ᠠᠪᠴᠤ᠂ ᠨᠢᠮᠪᠠᠢ ᠲᠤᠩᠭᠠᠨ ᠪᠣᠳᠣᠯᠬᠢᠯᠠᠵᠤ᠂ ᠢᠯᠳᠠᠷ ᠡᠰᠡ ᠬᠠᠶᠠᠨ ᠴᠢᠩᠭ᠎ᠠ ᠠᠳᠬᠤᠨ ᠴᠢᠩᠭ᠎ᠠ | ᠬᠠᠮᠢᠶᠠᠷᠴᠤ᠂ ᠨᠡᠩ ᠰᠢᠢᠳᠮᠡᠬᠡᠢ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠦᠨᠳᠦ ᠣᠨᠴᠠ ᠶᠡᠭᠡ ᠠᠳᠡᠯ ᠤᠯᠠᠨ ᠭᠠᠷᠬᠤ ᠦᠷᠭᠦᠯᠵᠢᠯᠡᠨ ᠭᠠᠷᠬᠤ | ᠬᠠᠨᠳᠤᠰᠢ ᠶᠢ ᠡᠷᠡᠰ ᠬᠤᠷᠢᠭᠯᠠᠨ᠂ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠠ ᠤᠯᠠᠭᠠᠨ ᠱᠤᠭᠤᠮ ᠢ ᠡᠷᠡᠰ ᠴᠢᠩᠭ᠎ᠠ ᠰᠠᠬᠢᠬᠤ ᠬᠡᠷᠡᠭᠲᠡᠢ ᠭᠡᠵᠦ | ᠵᠢᠭᠠᠨ ᠭᠠᠷᠭᠠᠪᠠ᠃ | ᠬᠤᠸᠠᠩ ᡁᠢ ᠴᠢᠶᠠᠩ ᠴᠢᠬᠤᠯᠠᠴᠢᠯᠠᠬᠤ ᠳᠤ ᠪᠠᠨ᠂ ᠨᠠᠮᠤᠷ ᠡᠪᠦᠯ ᠤᠨ ᠣᠢ ᠲᠠᠯ᠎ᠠ ᠶᠢᠨ ᠲᠦᠢᠮᠡᠷ ᠢ ᠰᠡᠷᠭᠡᠶᠢᠯᠡᠬᠦ ᠤᠯᠠᠷᠢᠯ ᠤᠳᠠᠯ ᠦᠭᠡᠢ ᠬᠦᠷᠴᠦ ᠢᠷᠡᠬᠦ | ᠭᠡᠵᠦ ᠪᠠᠶᠢᠭ᠎ᠠ ᠪᠣᠯᠬᠤᠷ ᠮᠢᠨᠴᠦᠭᠦᠷᠡᠮᠡᠯ ᠦᠵᠡᠯ ᠰᠠᠨᠠᠭ᠎ᠠ᠂ ᠠᠵᠠ ᠭᠤᠷᠢᠳᠠᠬᠤ ᠪᠣᠳᠣᠯ ᠢ ᠡᠷᠡᠰ ᠲᠡᠪᠴᠢᠵᠦ᠂ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠦᠢᠮᠡᠷ ᠢ ᠰᠡᠷᠡᠮᠵᠢᠯᠡᠨ ᠬᠢᠨᠠᠨ ᠬᠡᠮᠵᠢᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠲᠡᠶᠢᠨ ᠤ ᠪᠡᠯᠡᠳᠬᠡᠯ ᠢ ᠰᠢᠨᠵᠢᠯᠡᠬᠦ ᠤᠬᠠᠭᠠᠨᠴᠢ ᠪᠠᠷ ᠴᠢᠩᠭᠠᠳᠬᠠᠵᠤ᠂ ᠨᠠᠮᠤᠷ ᠡᠪᠦᠯ ᠤᠨ ᠤᠯᠠᠷᠢᠯ ᠳᠠᠬᠢ ᠣᠢ ᠲᠠᠯ᠎ᠠ ᠶᠢᠨ ᠲᠦᠢᠮᠡᠷ ᠢ ᠰᠡᠷᠭᠡᠶᠢᠯᠡᠬᠦ ᠪᠠ ᠲᠦᠢᠮᠡᠷ ᠢ | ᠤᠨᠲᠠᠷᠠᠭᠠᠬᠤ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠬᠤ ᠬᠡᠷᠡᠭᠲᠡᠢ ᠭᠡᠵᠡᠢ᠃ | | | | | |