2023 ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠶᠠᠷᠢᠶᠠᠨ ᠤ ᠲᠠᠪᠴᠠᠩ ︵ᠪᠠᠶᠠᠨᠨᠠᠭᠤᠷ︶᠎ ᠤᠨ ᠨᠠᠮᠤᠷ ᠤᠨ ᠤᠯᠠᠷᠢᠯ ᠤᠨ ᠲᠦᠷᠦᠭᠦᠴᠦᠳ ᠤᠨ ᠬᠤᠷᠠᠯ ᠵᠢᠴᠢ ︽  ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/26
      9 ᠰᠠᠷ᠎ᠠ ᠶᠢᠨ 13᠎ ᠤ ᠡᠳᠦᠷ᠂ 2023 ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠶᠠᠷᠢᠶᠠᠨ ᠤ ᠲᠠᠪᠴᠠᠩ ︵ᠪᠠᠶᠠᠨᠨᠠᠭᠤᠷ︶᠎ ᠤᠨ ᠨᠠᠮᠤᠷ ᠤᠨ ᠤᠯᠠᠷᠢᠯ ᠤᠨ ᠲᠦᠷᠦᠭᠦᠴᠦᠳ ᠤᠨ ᠬᠤᠷᠠᠯ ᠵᠢᠴᠢ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠶᠡᠭᠡ ᠬᠤᠷᠠᠯ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠬᠤᠷᠠᠯ ᠳᠤ ᠣᠷᠣᠯᠴᠠᠭᠰᠠᠨ ᠪᠥᠭᠡᠳ ᠲᠠᠪᠤᠳᠤᠭᠠᠷ ᠪᠦᠯᠦᠭ ᠤᠨ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠳᠤ ᠫᠠᠶᠢᠰᠠ ᠣᠯᠭᠤᠪᠠ᠃      ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠪᠠᠶᠠᠨ  ᠪᠣᠬᠢᠷᠲᠤᠯ ᠦᠭᠡᠢ ᠠᠵᠤ ᠦᠢᠯᠡᠰ ︵ᠪᠦᠯᠦᠭᠯᠡᠯ︶᠎ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ︽ᠲᠠᠪᠤᠨ ᠵᠢᠯ ᠤᠨ ᠰᠠᠯᠬᠢ ᠪᠣᠷᠣᠭᠠᠨ ᠢ ᠡᠷᠭᠢᠴᠡᠭᠦᠯᠵᠦ ᠤᠭ ᠰᠠᠨᠠᠭ᠎ᠠ ᠪᠠᠨ ᠡᠷᠭᠢᠴᠡᠭᠦᠯᠦᠶ᠎ᠡ︾ ᠭᠡᠬᠦ ᠰᠡᠳᠦᠪ ᠢᠶᠠᠷ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠲᠠᠪᠤᠨ ᠵᠢᠯ ᠤᠨ ᠤᠢ ᠶᠢᠨ ᠭᠤᠣᠯ ᠰᠡᠳᠦᠪᠲᠦ ᠶᠠᠷᠢᠶ᠎ᠠ ᠢᠯᠡᠳᠬᠡᠯ ᠬᠢᠵᠡᠢ︔ ︽2018 ︱ 2022︾᠎ ᠤᠨ ᠲᠡᠭᠷᠢ ᠶᠢᠨ ᠬᠡᠰᠢᠭᠲᠦ ᠪᠣᠷᠣᠳᠣᠬᠤᠢ ︽ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠮᠡᠳᠡᠭᠦᠯᠦᠯᠲᠡ ︱ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠰᠡᠩᠬᠡᠷᠡᠭᠦᠯᠦᠯ ᠤᠨ ᠲᠡᠮᠳᠡᠭᠯᠡᠯ︾᠎ ᠢ ᠨᠡᠶᠢᠲᠡᠯᠡᠪᠡ︔ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠭᠤᠣᠯ ᠵᠣᠷᠢᠯᠲᠠ ᠶᠢᠨ ᠶᠠᠷᠢᠶ᠎ᠠ ᠲᠠᠯᠪᠢᠪᠠ︔ ︽ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠰᠢᠨ᠎ᠡ ᠶᠢ ᠡᠭᠦᠳᠬᠦ ᠪᠠ ᠦᠷᠭᠦᠯᠵᠢᠯᠡᠨ ᠬᠥᠭᠵᠢᠭᠦᠯᠬᠦ︾ ᠲᠤᠬᠠᠢ ᠵᠥᠪᠯᠡᠬᠦ ᠰᠡᠳᠦᠪ ᠪᠣᠯᠭᠠᠭᠰᠠᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠲᠠᠰ ᠎ ᠠᠴᠠ ᠳᠠᠪᠠᠭᠰᠠᠨ ᠶᠠᠷᠢᠯᠴᠠᠭ᠎ᠠ ᠬᠢᠪᠡ︔ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠲᠠᠪᠤᠳᠤᠭᠠᠷ ᠪᠦᠯᠦᠭ ᠤᠨ ᠡᠷᠬᠡ ᠣᠯᠭᠤᠭᠰᠠᠨ ᠪᠦᠲᠦᠭᠡᠭᠳᠡᠬᠦᠨ ᠢ ᠨᠡᠶᠢᠲᠡᠯᠡᠬᠦ ᠵᠢᠴᠢ ᠫᠠᠶᠢᠰᠠ ᠣᠯᠭᠤᠬᠤ ᠶᠣᠰᠣᠯᠠᠯ ᠶᠠᠪᠤᠭᠤᠯᠪᠠ︔ ᠬᠤᠶᠠᠳᠤᠭᠠᠷ ᠬᠤᠭᠤᠴᠠᠭᠠᠨ ᠤ ︽ᠪᠠᠶᠠᠨᠨᠠᠭᠤᠷ ᠤᠨ ᠠᠷᠪᠠᠨ ᠲᠣᠮᠣ ᠰᠦᠯᠵᠢᠶᠡᠨ ᠤ ᠤᠯᠠᠭᠠᠨ ᠲᠠᠷᠢᠶᠠᠯᠠᠩ ᠤᠨ ᠪᠦᠲᠦᠭᠡᠭᠳᠡᠬᠦᠨ︾᠎ ᠢ ᠰᠢᠯᠭᠠᠷᠠᠭᠤᠯᠬᠤ ᠠᠵᠢᠯᠯᠠᠭ᠎ᠠ ᠶᠢ ᠡᠬᠢᠯᠡᠭᠦᠯᠪᠡ᠃      ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢ ᠨᠡᠶᠢᠲᠡᠯᠡᠭᠰᠡᠨ ᠠᠴᠠ ᠨᠠᠰᠢᠬᠢ 5 ᠵᠢᠯ ᠤᠨ ᠲᠤᠷᠰᠢ᠂ ᠮᠠᠨ ᠤ ᠬᠤᠲᠠ ᠶᠢᠨ ᠪᠥᠬᠦ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠥᠬᠦ ᠲᠠᠯ᠎ᠠ ᠪᠠᠷ ᠪᠠᠶᠢᠭᠤᠯᠵᠤ᠂ ᠪᠠᠷᠢᠮᠵᠢᠶ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ︽ᠲᠡᠭᠷᠢ ᠶᠢᠨ ᠬᠡᠰᠢᠭᠲᠦ ᠪᠣᠷᠣᠳᠣᠬᠤᠢ︾᠎ ᠨᠢ ︽ᠰᠢᠨ᠎ᠡ ᠴᠠᠭ ᠦᠶ᠎ᠡ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠠᠷᠪᠠᠨ ᠵᠢᠯ · ᠭᠠᠷᠮᠠᠭᠠᠢ ᠨᠥᠯᠥᠭᠡᠯᠡᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ︾ ᠵᠡᠷᠭᠡ 21 ᠲᠣᠮᠣ ᠱᠠᠩᠨᠠᠯ ᠢ ᠭᠥᠷᠳᠡᠪᠡ᠃2022 ᠣᠨ ᠳᠤ᠂ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠲᠦᠷᠦᠯ ᠲᠡᠮᠳᠡᠭ ᠤᠨ ᠦᠷᠳᠡᠭ 260 ᠳ᠋ᠦᠩᠰᠢᠭᠤᠷ ᠲᠥᠭᠦᠷᠢᠭ ᠢ ᠳᠠᠪᠠᠵᠤ᠂ ᠡᠷᠬᠡ ᠣᠯᠭᠤᠭᠰᠠᠨ ᠦᠢᠯᠡᠳᠬᠦᠨ ᠤ ᠪᠣᠷᠤᠯᠠᠭᠤᠯᠭ᠎ᠠ ᠶᠢᠨ ᠬᠡᠮᠵᠢᠶ᠎ᠡ 4.4 ᠳ᠋ᠦᠩᠰᠢᠭᠤᠷ ᠲᠥᠭᠦᠷᠢᠭ ᠲᠤ ᠬᠦᠷᠴᠡᠢ᠃ 2022 ᠣᠨ ᠪᠣᠯᠬᠤ ᠳᠤ᠂ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠡᠷᠬᠡ ᠣᠯᠭᠤᠭᠰᠠᠨ ᠪᠦᠲᠦᠭᠡᠭᠳᠡᠬᠦᠨ ᠤ ᠦᠨ᠎ᠡ ᠨᠢ 30%᠎ ᠠᠴᠠ ᠳᠡᠭᠡᠭᠰᠢ ᠥᠰᠴᠦ᠂ ᠪᠥᠬᠦ ᠬᠤᠲᠠ ᠶᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠦᠬᠦᠯᠢ ᠴᠣᠭᠴᠠ ᠶᠢᠨ ᠦᠨ᠎ᠡ ᠨᠢ 15%᠎ ᠠᠴᠠ ᠳᠡᠭᠡᠭᠰᠢ ᠥᠰᠬᠦ ᠶᠢ ᠳᠠᠶᠢᠴᠢᠯᠠᠪᠠ᠃      ᠲᠤᠰ ᠤᠳᠠᠭᠠᠨ ᠤ ᠠᠵᠢᠯᠯᠠᠭ᠎ᠠ ᠨᠢ ︽ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠣᠯᠭᠤᠬᠤ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ︾᠎ ᠪᠠᠷ ᠭᠤᠣᠯ ᠰᠡᠳᠦᠪ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠨᠠᠷᠠᠲᠤ ᠲᠡᠮᠳᠡᠭᠲᠦ ᠶᠢᠨ ᠰᠡᠳᠬᠦᠯ ᠤᠨ ᠬᠤᠷᠢᠶ᠎ᠠ ᠎ ᠠᠴᠠ ᠭᠤᠣᠯᠯᠠᠨ ᠡᠷᠭᠢᠯᠡᠵᠦ᠂ ᠬᠤᠲᠠ ᠶᠢᠨ ᠪᠣᠬᠢᠷᠲᠤᠯ ᠦᠭᠡᠢ ᠠᠵᠤ ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠠᠯᠪᠠᠨ ᠭᠡᠷ᠂ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠪᠠᠶᠠᠨ  ᠪᠣᠬᠢᠷᠲᠤᠯ ᠦᠭᠡᠢ ᠦᠢᠯᠡᠰ ᠤᠨ ᠠᠵᠤ ᠦᠢᠯᠡᠰ ︵ᠪᠦᠯᠦᠭᠯᠡᠯ︶᠎ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠠᠷᠠᠲᠤ ᠲᠡᠮᠳᠡᠭᠲᠦ ᠶᠢᠨ ᠰᠡᠳᠬᠦᠯ ᠤᠨ ᠬᠤᠷᠢᠶ᠎ᠠ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠰᠤᠳᠤᠯᠭᠠᠨ ᠤ ᠲᠥᠪ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠨᠡᠶᠢᠭᠡᠮᠯᠢᠭ ᠠᠴᠠ ᠳᠠᠭᠠᠭᠠᠨ ᠡᠷᠭᠢᠯᠡᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ