1 - 7 ᠰᠠᠷ᠎ᠠ ᠳᠤ ᠮᠠᠨ ᠤ ᠬᠤᠲᠠ ᠶᠢᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠳᠤ 76.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/9/26
      ᠣᠶᠢᠷ᠎ᠠ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ 1 - 7 ᠰᠠᠷ᠎ᠠ ᠳᠤ᠂ ᠮᠠᠨ ᠤ ᠬᠤᠲᠠ ᠶᠢᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠨᠢᠭᠡᠨᠲᠡ 88 ᠠᠵᠢᠯ ᠢᠶᠠᠨ ᠡᠬᠢᠯᠡᠭᠦᠯᠵᠦ᠂ 76.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠡ ᠶᠢᠨ ᠢᠶᠠᠨ 60%᠎ ᠶᠢ ᠪᠡᠶᠡᠯᠡᠭᠦᠯᠵᠡᠢ᠃ ᠡᠨᠡ ᠵᠢᠯ᠂ ᠪᠥᠬᠦ ᠬᠤᠲᠠ ᠳᠤ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ 94 ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ 38 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ 56 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠨᠡᠶᠢᠲᠡ 615 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠳᠣᠲᠣᠷ᠎ᠠ 127 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃      ᠡᠭᠦᠨ ᠠᠴᠠ ᠭᠠᠳᠠᠨ᠎ᠠ ᠣᠶᠢᠯᠠᠭᠠᠭᠰᠠᠨ ᠢᠶᠠᠷ᠂ 1 - 7 ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.9%᠎ ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 29.4 ᠵᠠᠭᠤᠨ ᠤ ᠨᠢᠭᠡᠴᠢ ᠲᠦᠷᠭᠡᠨ ᠪᠣᠯᠵᠤ᠂ ᠪᠥᠬᠦ ᠣᠷᠣᠨ ᠤ ᠨᠢᠭᠡᠳᠦᠭᠡᠷ ᠲᠤ ᠣᠷᠣᠪᠠ᠃ ᠡᠭᠦᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 113.3% ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 48.9 ᠵᠠᠭᠤᠨ ᠤ ᠨᠢᠭᠡᠴᠢ ᠳᠠᠶᠢᠴᠢᠯᠠᠪᠠ︔ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 113.8%᠎ ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 40.8 ᠵᠠᠭᠤᠨ ᠤ ᠨᠢᠭᠡᠴᠢ ᠳᠠᠶᠢᠴᠢᠯᠠᠪᠠ︔ ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ 201.4%᠎ ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 3.6 ᠵᠠᠭᠤᠨ ᠤ ᠨᠢᠭᠡᠴᠢ ᠪᠠᠷ ᠲᠠᠶᠢᠴᠢᠯᠠᠪᠠ᠃ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠲᠦᠷᠦᠯ ᠤᠨ ᠪᠡᠯᠡ ᠣᠷᠣᠭᠤᠯᠤᠯᠲᠠ ᠶᠡᠭᠡ ᠬᠡᠮᠵᠢᠶ᠎ᠡ ᠪᠠᠷ ᠨᠡᠮᠡᠭᠳᠡᠪᠡ᠃ ︽ᠬᠤᠶᠠᠷ ᠰᠠᠭᠤᠷᠢᠨ᠂ ᠳᠥᠷᠪᠡᠨ ᠠᠵᠤ ᠦᠢᠯᠡᠰ ᠤᠨ ᠪᠦᠯᠦᠭᠯᠡᠯ︾᠎ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠠᠳᠠᠯᠢ ᠬᠤᠭᠤᠴᠠᠭᠠᠨ ᠤ ᠬᠢ ᠠᠴᠠ 168.6%᠎ ᠪᠠᠷ ᠨᠡᠮᠡᠭᠳᠡᠪᠡ᠃ ᠴᠡᠪᠡᠷ ᠡᠨᠧᠷᠭᠢ ᠶᠢᠨ ᠰᠤᠷᠪᠤᠯᠵᠢ ᠶᠢᠨ ᠪᠡᠯᠡ ᠣᠷᠣᠭᠤᠯᠤᠯᠲᠠ 263.1%᠎ ᠪᠠᠷ ᠨᠡᠮᠡᠭᠳᠡᠪᠡ᠂ ᠡᠭᠦᠨ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠪᠡᠯᠡ ᠣᠷᠣᠭᠤᠯᠤᠯᠲᠠ 263.8%᠎ ᠪᠠᠷ ᠨᠡᠮᠡᠭᠳᠡᠪᠡ︔  ᠰᠢᠨ᠎ᠡ  ᠡᠨᠧᠷᠭᠢ  ᠶᠢᠨ ᠰᠤᠷᠪᠤᠯᠵᠢ  ᠶᠢᠨ ᠲᠣᠨᠣᠭᠯᠠᠯ  ᠦᠢᠯᠡᠳᠬᠦ  ᠦᠢᠯᠡᠰ ᠎ ᠤᠨ  ᠪᠡᠯᠡ  ᠣᠷᠣᠭᠤᠯᠤᠯᠲᠠ  377.8%᠎ ᠪᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ 16.6%᠎ ᠪᠠᠷ ᠨᠡᠮᠡᠭᠳᠡᠪᠡ᠂ ᠡᠭᠦᠨ ᠤ ᠳᠣᠲᠣᠷ᠎ᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 122.2%᠎ ᠢᠶᠠᠷ ᠨᠡᠮᠡᠭᠳᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ