1-8 ᠰᠠᠷ᠎ᠠ ᠳᠤ ᠪᠥᠬᠦ ᠬᠤᠲᠠ ᠳᠤ ᠨᠡᠶᠢᠲᠡ 57 ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/9/26
      3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ      ᠣᠶᠢᠷ᠎ᠠ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ 1-8 ᠰᠠᠷ᠎ᠠ ᠳᠤ ᠪᠥᠬᠦ ᠬᠤᠲᠠ ᠳᠤ ᠨᠡᠶᠢᠲᠡ 57 ᠵᠦᠢᠯ ᠤᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠠᠷᠤᠭ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ ᠡᠭᠦᠨ ᠳᠤ᠂ ᠵᠠᠮ ᠤᠨ ᠢᠨᠵᠧᠨᠧᠷᠢᠩ ᠤᠨ 8 ᠲᠥᠷᠥᠯ ᠪᠠᠶᠢᠵᠤ᠂ 6188.23 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ 3 ᠵᠦᠢᠯ ᠤᠨ ᠤᠰᠤ ᠬᠠᠩᠭᠠᠬᠤ ᠢᠨᠵᠧᠨᠧᠷᠢᠩ᠂ 1050 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ 8 ᠵᠦᠢᠯ ᠤᠨ ᠤᠰᠤ ᠵᠠᠯᠠᠬᠤ ᠢᠨᠵᠧᠨᠧᠷᠢᠩ ᠳᠤ 9297.26 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ︔ ᠢᠯᠴᠢ ᠬᠠᠩᠭᠠᠬᠤ ᠢᠨᠵᠧᠨᠧᠷᠢᠩ 3 ᠵᠦᠢᠯ ᠪᠠᠶᠢᠵᠤ᠂ 1949 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ ︔ ᠰᠢᠲᠠᠮᠠᠬᠠᠢ ᠬᠡᠢ ᠶᠢᠨ ᠢᠨᠵᠧᠨᠧᠷᠢᠩ 2 ᠵᠦᠢᠯ ᠪᠠᠶᠢᠵᠤ᠂ 216.6 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ 28 ᠵᠦᠢᠯ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ᠂ 3705.13 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠪᠤᠰᠤᠳ ᠬᠤᠲᠠ ᠶᠢᠨ ᠶᠠᠪᠤᠳᠠᠯ ᠤᠨ ᠢᠨᠵᠧᠨᠧᠷᠢᠩ 5 ᠵᠦᠢᠯ ᠪᠠᠶᠢᠵᠤ᠂ 7605 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ᠡᠭᠦᠨ ᠠᠴᠠ ᠭᠠᠳᠠᠨ᠎ᠠ ᠣᠶᠢᠯᠠᠭᠠᠭᠰᠠᠨ ᠢᠶᠠᠷ᠂ ᠪᠥᠬᠦ ᠬᠤᠲᠠ ᠶᠢᠨ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠡᠯ᠎ᠡ ᠲᠥᠷᠥᠯ ᠤᠨ ᠬᠤᠭᠤᠯᠠᠢ ᠶᠢᠨ ᠲᠣᠣᠷ 49.935 ᠺᠢᠯᠣᠮᠧᠲᠷ ᠪᠠᠶᠢᠵᠤ᠂ ᠡᠭᠦᠨ ᠳᠤ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠤᠰᠤ ᠬᠠᠩᠭᠠᠬᠤ ᠬᠤᠭᠤᠯᠠᠢ ᠶᠢᠨ ᠲᠣᠣᠷ 6.212 ᠺᠢᠯᠣᠮᠧᠲᠷ᠂ ᠤᠰᠤ ᠵᠠᠯᠠᠬᠤ ᠬᠤᠭᠤᠯᠠᠢ ᠶᠢᠨ ᠲᠣᠣᠷ 31.061 ᠺᠢᠯᠣᠮᠧᠲᠷ᠂ ᠳᠤᠮᠳᠠ ᠵᠡᠷᠭᠡ ᠶᠢᠨ ᠬᠤᠭᠤᠯᠠᠢ ᠶᠢᠨ ᠲᠣᠣᠷ 2.85 ᠺᠢᠯᠣᠮᠧᠲᠷ᠂ ᠢᠯᠴᠢ ᠬᠠᠩᠭᠠᠬᠤ ᠬᠤᠭᠤᠯᠠᠢ ᠶᠢᠨ ᠲᠣᠣᠷ 7.892 ᠺᠢᠯᠣᠮᠧᠲᠷ᠂ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ 1.92 ᠺᠢᠯᠣᠮᠧᠲᠷ ᠪᠠᠶᠢᠨ᠎ᠠ︔ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠡᠷᠦᠬᠡ ᠶᠢ 600 ᠡᠷᠦᠬᠡ ᠰᠢᠨ᠎ᠡ ᠪᠠᠷ ᠨᠡᠮᠡᠭᠳᠡᠭᠦᠯᠵᠦ᠂ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠶᠢ 296.75 ᠮᠦ ᠰᠢᠨ᠎ᠡ ᠪᠠᠷ ᠨᠡᠮᠡᠭᠳᠡᠭᠦᠯᠪᠡ︔ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ︽ᠬᠠᠷᠮᠠᠨ ᠴᠡᠴᠡᠷᠯᠢᠭ︾ 11᠂  ᠵᠣᠷᠯᠣᠩ 2 ᠪᠣᠶ ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ